ᠨᠢᠩᠴᠧᠩ ᠰᠢᠶᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠠᠬᠢᠭᠤᠯᠤᠨ᠎ᠠ
ᠨᠡᠶᠢᠲᠡᠯᠡᠭᠰᠡᠨ ᠴᠠᠭ᠄
2025/2/8
    ᠨᠢᠭᠡ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠨᠢᠩᠴᠧᠩ ᠰᠢᠶᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠮᠦᠷᠯᠢᠭ ᠬᠠᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠲᠤ ᠮᠡᠷᠭᠡᠵᠢᠯ ᠤᠨ ᠥᠭᠡᠷᠡᠴᠢᠯᠡᠯᠲᠡ ᠬᠢᠬᠦ ᠣᠷᠣᠭᠤᠯᠤᠯᠲᠠ ᠪᠠᠨ ᠨᠡᠮᠡᠭᠳᠡᠭᠦᠯᠪᠡ᠃ 2024 ᠣᠨ ᠳᠤ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠮᠥᠩᠭᠦ ᠨᠡᠶᠢᠲᠡ 5 ᠳ᠋ᠦᠩᠰᠢᠭᠤᠷ ᠲᠥᠭᠦᠷᠢᠭ ᠣᠷᠣᠭᠤᠯᠵᠤ᠂ ᠮᠡᠷᠭᠡᠵᠢᠯ ᠤᠨ ᠥᠭᠡᠷᠡᠴᠢᠯᠡᠯᠲᠡ ᠶᠢᠨ 30 ᠲᠥᠷᠥᠯ ᠵᠦᠢᠯ ᠢ ᠬᠡᠷᠡᠭᠵᠢᠭᠦᠯᠪᠡ᠃ ᠵᠦᠩ ᠲᠠᠩ ᠣᠨᠴᠠᠭᠠᠢ ᠪᠣᠯᠣᠳ ᠲᠡᠮᠦᠷ ᠤᠨ ᠠᠵᠤ ᠦᠢᠯᠡᠰ ᠲᠡᠷᠢᠭᠦᠨ ᠤ ᠠᠦ᠋ᠲᠴᠢᠯᠠᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠢ ᠲᠠᠲᠠᠨ ᠣᠷᠣᠭᠤᠯᠬᠤ ᠪᠠᠷ ᠳᠠᠮᠵᠢᠨ᠂ ᠦᠢᠯᠡᠳᠪᠦᠷᠢᠯᠡᠬᠦ ᠴᠢᠳᠠᠪᠤᠷᠢ ᠶᠢ 25% ᠪᠠᠷ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠭᠤᠯᠭ᠎ᠠ ᠶᠢ 18 ᠪᠠᠷ ᠪᠠᠭᠤᠷᠠᠭᠤᠯᠵᠤ᠂ ᠪᠤᠬᠢᠷ ᠪᠣᠳᠠᠰ ᠤᠨ ᠭᠠᠳᠠᠭᠰᠢᠯᠠᠭᠤᠯᠤᠯᠲᠠ ᠶᠢ 30% ᠪᠠᠭᠠᠰᠬᠠᠪᠠ᠃ ᠡᠭᠦᠨ ᠤ ᠬᠠᠮᠲᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠵᠦ᠂ ᠪᠥᠬᠦ ᠰᠢᠶᠠᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ 15% ᠳᠤ ᠬᠦᠷᠴᠦ᠂ ᠠᠵᠤ ᠦᠢᠯᠡᠰ ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠥᠷᠢᠰᠥᠯᠳᠦᠬᠦ ᠬᠦᠴᠦᠨ ᠦᠷᠭᠦᠯᠵᠢᠯᠡᠨ ᠴᠢᠩᠭᠠᠷᠠᠪᠠ᠃    ᠬᠤᠶᠠᠷ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠨᠢᠩᠴᠧᠩ ᠰᠢᠶᠠᠨ  ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠶᠢᠭᠤᠯᠵᠤ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠨ ᠠᠵᠢᠯᠯᠠᠬᠤ ᠰᠠᠭᠤᠷᠢᠨ ᠭᠠᠵᠠᠷ ᠢ 8 ᠪᠠᠶᠢᠭᠤᠯᠪᠠ᠃ 2024 ᠣᠨ ᠳᠤ᠂ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ ᠳᠠᠮᠵᠢᠨ᠂ ᠠᠵᠤ ᠠᠬᠤᠶᠢᠯᠠᠯ ᠤᠳ ᠠᠯᠢ ᠣᠯᠠᠨ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠢ ᠨᠡᠭᠡᠭᠡᠨ ᠭᠥᠭᠵᠢᠭᠦᠯᠦᠨ᠎ᠡ᠃ ᠵᠢᠩ ᠬᠠᠩ ᠣᠨᠴᠠ ᠨᠡᠭᠦᠷᠡᠰᠦᠲᠥ᠋ᠷᠥᠭᠴᠢ ᠶᠢᠨ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠭᠰᠡᠨ ᠰᠢᠨ᠎ᠡ ᠬᠡᠯᠪᠡᠷᠢ ᠶᠢᠨ ᠨᠡᠶᠢᠯᠡᠮᠡᠯ ᠮᠠᠲ᠋ᠧᠷᠢᠶᠠᠯ ᠢ ᠠᠭᠠᠷ ᠰᠠᠨᠰᠠᠷ ᠤᠨ ᠠᠶᠠᠯᠠᠯ ᠤᠨ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ 10% ᠳᠤ ᠬᠦᠷᠭᠡᠵᠦ᠂ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠣᠷᠣᠯᠭ᠎ᠠ ᠶᠢ 4% ᠪᠠᠷ ᠨᠡᠮᠡᠭᠳᠡᠭᠦᠯᠵᠦ᠂ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃    ᠭᠤᠷᠪᠠ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ ᠨᠢᠩᠴᠧᠩ ᠰᠢᠶᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠲᠠᠷᠢᠶᠠᠯᠠᠩ ᠤᠨ ᠠᠵᠤ ᠦᠶᠢᠯᠡᠰᠵᠢᠭᠰᠡᠨ 10 ᠬᠤᠯᠪᠣᠭᠠᠲᠤ ᠴᠣᠭᠴᠠ ᠶᠢ ᠪᠤᠶᠢᠵᠢᠭᠤᠯᠵᠤ᠂ 5 ᠲᠦᠮᠡᠨ ᠲᠠᠷᠢᠶᠠᠴᠢᠨ ᠡᠷᠦᠬᠡ ᠶᠢ ᠲᠠᠶᠢᠴᠢᠯᠠᠪᠠ᠃ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠬᠥᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 65% ᠳᠤ ᠬᠦᠷᠦᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠦᠢᠯᠡᠳᠭᠦᠨ ᠤ ᠥᠷᠲᠡᠭ ᠬᠢᠭᠡᠳ ᠲᠠᠷᠢᠶᠠᠯᠠᠩ ᠤᠨ ᠦᠢᠯᠡᠳᠭᠦᠨ ᠤ ᠶᠡᠷᠦᠩᠬᠡᠶ ᠥᠷᠲᠡᠭ ᠤᠨ ᠬᠠᠷᠢᠴᠠᠯ ᠢ 2.5᠄ 1 ᠳᠤ ᠭᠦᠷᠭᠡᠪᠡ᠃ ᠡᠭᠦᠨ ᠤ ᠬᠠᠮᠲᠤ᠂ ᠬᠥᠳᠡᠭᠡ ᠲᠣᠰᠬᠤᠨ ᠤ ᠵᠤᠭᠠᠴᠠᠯ ᠢ ᠢᠳᠡᠪᠬᠢᠲᠡᠢ ᠬᠥᠭᠵᠢᠭᠦᠯᠵᠦ᠂ 5 ᠤᠨᠴᠠᠯᠢᠬᠳᠤ ᠵᠤᠭᠠᠴᠠᠯ ᠤᠨ ᠵᠢᠵᠢᠭ ᠪᠠᠯᠭᠠᠰᠤ ᠶᠢ ᠪᠠᠶᠢᠭᠤᠯᠵᠤ᠂ 2024 ᠣᠨ ᠳᠤ ᠵᠤᠭᠠᠴᠠᠭᠰᠠᠳ ᠢ ᠬᠦᠯᠢᠶᠡᠨ ᠠᠪᠤᠭᠰᠠᠨ ᠲᠤᠭ᠎ᠠ ᠬᠡᠮᠵᠢᠶ᠎ᠡ 200 ᠲᠦᠮᠡᠨ ᠬᠥᠮᠦᠨ ᠤᠳᠠᠭ᠎ᠠ ᠳᠤ ᠬᠦᠷᠴᠦ᠂ ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ 5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠵᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠨᠢ ᠨᠢᠩᠴᠧᠩ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号