| ᠨᠢᠭᠡ᠂ ᠲᠣᠭᠠᠴᠢᠯᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠡᠨᠧᠷᠭᠢ ᠣᠯᠭᠤᠵᠤ᠂ ᠠᠵᠤ ᠦᠢᠯᠡᠰ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠢᠩᠴᠧᠩ ᠰᠢᠶᠠᠨ ᠲᠠᠷᠢᠶᠠᠯᠠᠩ ᠤᠨ ᠲᠣᠭᠠᠴᠢᠯᠠᠭᠰᠠᠨ ᠮᠡᠷᠭᠡᠵᠢᠯ ᠢ | ᠢᠳᠡᠪᠬᠢᠲᠡᠢ ᠳᠡᠯᠭᠡᠷᠡᠭᠦᠯᠵᠦ᠂ ᠣᠶᠤᠨᠴᠢ ᠬᠥᠯᠡᠮᠵᠢ ᠶᠢᠨ ᠫᠧᠩ 200 ᠭᠠᠷᠤᠢ ᠪᠠᠶᠢᠭᠤᠯᠪᠠ᠃ ᠡᠲᠡᠭᠡᠷ ᠬᠦᠯᠡᠮᠵᠢ ᠳᠤ | ᠰᠡᠷᠡᠯ ᠳᠠᠮᠵᠢᠭᠤᠯᠤᠭᠤᠷ᠂ ᠣᠶᠤᠨᠴᠢ ᠡᠵᠡᠮᠰᠢᠯ ᠤᠨ ᠰᠢᠰᠲ᠋ᠧᠮ ᠢ ᠲᠣᠬᠢᠷᠠᠭᠤᠯᠵᠤ᠂ ᠳᠤᠯᠠᠭᠠᠨ ᠤ ᠬᠡᠮᠵᠢᠶ᠎ᠡ᠂ | ᠴᠢᠭᠢᠭ ᠤᠨ ᠬᠡᠮᠵᠢᠶ᠎ᠡ᠂ ᠬᠡᠷᠡᠯ ᠤᠨ ᠲᠤᠰᠤᠯᠲᠠ ᠵᠡᠷᠭᠡ ᠣᠷᠴᠢᠨ ᠲᠣᠭᠤᠷᠢᠨ ᠤ ᠪᠣᠯᠵᠣᠯᠲᠤ ᠲᠤᠭ᠎ᠠ ᠶᠢ ᠴᠠᠭ | ᠲᠤᠬᠠᠶ ᠳᠤᠨᠢ ᠬᠢᠨᠠᠨ ᠬᠡᠮᠵᠢᠵᠦ᠂ ᠨᠠᠷᠢᠯᠢᠭ ᠣᠨᠣᠴᠠᠲᠠᠶ ᠪᠠᠷ ᠤᠰᠤᠯᠠᠬᠤ ᠪᠠ ᠪᠣᠷᠲᠣᠭᠤᠷ ᠣᠷᠣᠭᠤᠯᠬᠤ ᠶᠢ | ᠪᠡᠶᠡᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠣᠶᠤᠨᠴᠢ ᠬᠠᠮᠢᠶᠠᠷᠤᠯᠲᠠ ᠶᠢ ᠬᠡᠷᠡᠭᠯᠡᠭᠰᠡᠨ ᠤ ᠲᠠᠷᠠᠭ᠎ᠠ᠂ | ᠲᠠᠷᠢᠮᠠᠯ ᠤᠨ ᠤᠨᠠᠯᠲᠠ ᠶᠢ ᠳᠤᠮᠳᠠᠴᠢ ᠪᠠᠷ 20% ᠪᠠᠷ ᠳᠡᠭᠡᠭᠰᠢᠯᠡᠭᠦᠯᠵᠦ᠂ ᠤᠰᠤ ᠠᠷᠪᠢᠯᠠᠬᠤ ᠶᠢ 30% ᠪᠠᠷ | ᠳᠡᠭᠡᠭᠰᠢᠯᠡᠭᠦᠯᠵᠦ᠂ ᠪᠤᠷᠳᠤᠭᠤᠷ ᠠᠷᠪᠢᠯᠠᠬᠤ ᠶᠢ 25% ᠪᠠᠷ ᠠᠷᠪᠢᠯᠠᠪᠠ᠃ ᠡᠭᠦᠨ ᠤ ᠬᠠᠮᠲᠤ᠂ ᠲᠠᠷᠢᠶᠠᠯᠠᠩ ᠤᠨ | ᠲᠣᠮᠣ ᠳ᠋ᠠᠶᠢᠲ᠋ᠠ ᠶᠢᠨ ᠲᠠᠪᠴᠠᠩ ᠢ ᠣᠷᠣᠭᠤᠯᠤᠨ ᠠᠪᠴᠢᠷᠠᠵᠤ᠂ ᠲᠠᠷᠢᠶᠠᠴᠢᠨ ᠡᠷᠦᠬᠡ ᠳᠤ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠬᠠᠨᠳᠤᠰᠢ ᠵᠡᠷᠭᠡ ᠮᠡᠳᠡᠭᠡ ᠵᠠᠩᠭᠢ ᠬᠠᠩᠭᠠᠵᠤ᠂ ᠳᠠᠷᠢᠵᠤ ᠲᠡᠵᠢᠭᠡᠨ | ᠦᠷᠡᠵᠢᠭᠦᠯᠬᠦ ᠰᠢᠢᠳᠪᠦᠷᠢᠲᠦ ᠪᠣᠳᠣᠯᠭ᠎ᠠ ᠶᠢ ᠵᠢᠯᠣᠭᠤᠳᠤᠨ᠎ᠠ᠃ 2024 ᠣᠨ ᠳᠤ᠂ ᠲᠠᠪᠴᠠᠩ ᠤᠨ ᠲᠤᠭ᠎ᠠ | ᠪᠠᠷᠢᠮᠲᠠ ᠶᠢ ᠦᠨᠳᠦᠰᠦᠯᠡᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠲᠠᠷᠢᠶᠠᠴᠢᠨ ᠡᠷᠦᠬᠡ ᠶᠢᠨ | ᠣᠷᠣᠯᠭ᠎ᠠ ᠳᠤᠮᠳᠠᠴᠢ ᠪᠠᠷ 15% ᠪᠠᠷ ᠨᠡᠮᠡᠭᠳᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠤᠨ᠎ᠠ᠃ | ᠬᠤᠶᠠᠷ᠂ ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠯᠲᠠ ᠶᠢ ᠠᠬᠢᠭᠤᠯᠵᠤ᠂ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠨᠢᠩᠴᠧᠩ ᠰᠢᠶᠠᠨ ᠪᠥᠬᠦ ᠰᠢᠶᠠᠨ ᠤ 15 ᠰᠢᠶᠠᠩ ᠪᠠᠯᠭᠠᠰᠤ᠂ 300 ᠭᠠᠷᠤᠶ | ᠵᠠᠰᠠᠭ ᠵᠠᠬᠢᠷᠭᠠᠨ ᠤ ᠲᠣᠰᠬᠤᠨ ᠢ ᠬᠠᠮᠤᠷᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠭᠰᠠᠨ | ᠲᠠᠪᠴᠠᠩ ᠢ ᠪᠠᠶᠢᠭᠤᠯᠪᠠ᠃ ᠲᠠᠪᠴᠠᠩ ᠨᠢ ᠬᠥᠮᠦᠨ ᠠᠮᠠ ᠶᠢᠨ ᠮᠡᠳᠡᠭᠡ ᠵᠠᠩᠭᠢ᠂ ᠭᠠᠵᠠᠷ ᠰᠢᠷᠣᠶ ᠶᠢᠨ ᠡᠬᠢ ᠪᠠᠶᠠᠯᠢᠭ | ᠂ ᠠᠷᠠᠳ ᠤᠨ ᠠᠮᠢᠳᠤᠷᠠᠯ ᠤᠨ ᠶᠠᠪᠤᠳᠠᠯ ᠵᠡᠷᠭᠡ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ | ᠶᠠᠪᠤᠳᠠᠯ ᠢ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠵᠢᠱᠢᠶᠡᠯᠡᠪᠡᠯ᠂ | ᠲᠣᠰᠬᠤᠨ ᠤ ᠠᠷᠠᠳ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠵᠡᠷᠭᠡ | ᠤᠴᠢᠷ ᠶᠠᠪᠤᠳᠠᠯ ᠢ ᠭᠦᠢᠴᠡᠳᠭᠡᠬᠦ ᠪᠠᠷ ᠳᠠᠮᠵᠢᠭᠤᠯᠤᠨ᠂ ᠲᠠᠪᠴᠠᠩ ᠳᠡᠭᠡᠷ᠎ᠡ ᠮᠠᠲ᠋ᠧᠷᠢᠶᠠᠯ ᠲᠤᠰᠢᠶᠠᠵᠤ᠂ ᠭᠦᠢᠴᠡᠳᠭᠡᠬᠦ | ᠴᠠᠭ ᠢ ᠤᠤᠯ ᠤᠨ 15 ᠠᠵᠢᠯᠯᠠᠬᠤ ᠡᠳᠦᠷ ᠪᠠᠶᠢᠭᠰᠠᠨ ᠠᠴᠠ 7 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠭᠦᠢᠴᠡᠳᠭᠡᠬᠦ ᠦᠷ᠎ᠡ ᠪᠦᠲᠦᠮᠵᠢ ᠶᠢ 50% ᠠᠴᠠ ᠳᠡᠭᠡᠭᠰᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠵᠡᠷᠭᠡ ᠮᠡᠷᠭᠡᠵᠢᠯ ᠢ | ᠠᠰᠢᠭᠯᠠᠨ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ᠂ ᠨᠡᠶᠢᠭᠡᠮ ᠤᠨ ᠠᠮᠤᠷ ᠲᠦᠪᠰᠢᠨ ᠢ | ᠴᠠᠭ ᠲᠤᠬᠠᠶ ᠳᠤᠨᠢ ᠬᠢᠨᠠᠨ ᠬᠡᠮᠵᠢᠵᠦ᠂ 2024 ᠣᠨ ᠤ ᠬᠥᠳᠡᠭᠡ ᠲᠣᠰᠬᠤᠨ ᠤ ᠠᠮᠤᠷ ᠲᠦᠪᠰᠢᠨ ᠤ ᠬᠡᠷᠡᠭ | ᠡᠭᠦᠰᠬᠦ ᠨᠣᠷᠮ᠎ᠠ ᠠᠳᠠᠯᠢ ᠬᠤᠭᠤᠴᠠᠭᠠᠨ ᠤ ᠬᠢ ᠠᠴᠠ 18% ᠪᠠᠷ ᠪᠠᠭᠤᠷᠠᠵᠤ᠂ ᠬᠥᠳᠡᠭᠡ ᠲᠣᠰᠬᠤᠨ ᠤ ᠵᠠᠰᠠᠯᠲᠠ | ᠨᠠᠩ ᠥᠨᠳᠥᠷ ᠪᠦᠲᠦᠮᠵᠢᠲᠡᠶ᠂ ᠨᠠᠷᠢᠯᠢᠭ ᠣᠨᠣᠴᠠᠲᠠᠶ ᠪᠣᠯᠪᠠ᠃ | ᠭᠤᠷᠪᠠ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠬᠥᠭᠵᠢᠭᠦᠯᠵᠦ᠂ ᠪᠣᠷᠣᠯᠠᠭᠤᠯᠬᠤ ᠠᠷᠭ᠎ᠠ | ᠵᠠᠮ ᠢ ᠦᠷᠭᠡᠳᠭᠡᠨ᠎ᠡ᠃ ᠨᠢᠩᠴᠧᠩ ᠰᠢᠶᠠᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠢ ᠶᠡᠬᠡᠪᠡᠷ ᠳᠠᠮᠵᠢᠵᠤ᠂ ᠰᠢᠶᠠᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠥᠪ 1᠂ | ᠰᠢᠶᠠᠩ ᠪᠠᠯᠭᠠᠰᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 15᠂ ᠲᠣᠰᠬᠤᠨ ᠤ | ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠴᠡᠭ 200 ᠭᠠᠷᠤᠶ ᠪᠠᠶᠢᠭᠤᠯᠵᠤ᠂ ᠡᠯᠧᠺᠲᠷᠣᠨ | ᠬᠤᠳᠠᠯᠳᠤᠭᠠᠨ ᠤ ᠠᠵᠢᠯ ᠡᠷᠭᠢᠯᠡᠭᠰᠡᠳ ᠢ 5000 ᠭᠠᠷᠤᠶ ᠬᠥᠮᠦᠨ ᠳᠤ ᠬᠦᠷᠭᠡᠪᠡ᠃ ᠡᠯᠧᠺᠲᠷᠣᠨ | ᠬᠤᠳᠠᠯᠳᠤᠭᠠᠨ ᠤ ᠲᠠᠪᠴᠠᠩ ᠢᠶᠠᠷ ᠳᠠᠮᠵᠢᠨ᠂ ᠨᠢᠩᠴᠧᠩ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ | ᠵᠢᠱᠢᠶᠡᠯᠡᠪᠡᠯ᠂ ᠨᠢᠩᠴᠧᠩ ᠤᠨ ᠬᠠᠭᠤᠴᠢᠨ ᠵᠣᠭᠤᠷᠢ᠂ ᠪᠣᠷᠬᠠᠨᠲᠤ ᠶᠢᠨ ᠠᠯᠮᠤᠷᠠᠳ ᠠᠯᠢᠮ᠎ᠠ ᠵᠡᠷᠭᠡ ᠶᠢᠨ | ᠪᠣᠷᠣᠯᠠᠭᠤᠯᠭ᠎ᠠ ᠶᠢᠨ ᠬᠡᠪᠴᠢᠶ᠎ᠡ ᠨᠢ ᠪᠦᠬᠦ ᠤᠯᠤᠰ ᠤᠨ 30 ᠭᠠᠷᠤᠶ ᠮᠤᠵᠢ ᠬᠤᠲᠠ ᠶᠢ ᠬᠠᠮᠤᠷᠴᠠᠶ᠃ 2024 | ᠣᠨ ᠳᠤ᠂ ᠪᠦᠬᠦ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠤ ᠪᠣᠷᠣᠯᠠᠭᠤᠯᠭ᠎ᠠ ᠶᠢᠨ ᠬᠡᠮᠵᠢᠶ᠎ᠡ 1. | 5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35 % ᠪᠠᠷ ᠨᠡᠮᠡᠭᠳᠡᠵᠦ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ |