| ᠨᠢᠩᠴᠧᠩ ᠰᠢᠶᠠᠨ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠨᠤᠲᠤᠭ ᠲᠠᠭᠠᠨ ᠪᠤᠴᠠᠵᠤ ᠠᠵᠢᠯ ᠰᠣᠩᠭᠤᠬᠤ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ︽ | ᠭᠤᠷᠪᠠ ᠶᠢ ᠴᠢᠩᠭᠠᠳᠬᠠᠬᠤ︾ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠣᠯᠵᠤ ᠦᠢᠯᠡᠰ ᠴᠣᠭᠴᠠᠯᠠᠬᠤ ᠠᠵᠢᠯ | ᠢᠯᠡᠳᠲᠡ ᠦᠷ᠎ᠡ ᠪᠦᠲᠦᠮᠵᠢ ᠣᠯᠵᠠᠢ᠃ | ᠨᠢᠭᠡ ᠳᠤ ᠡᠯᠰᠡᠨ ᠤᠷᠢᠬᠤ ᠦᠢᠯᠡᠴᠢᠯᠡᠭᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠵᠣᠯᠭᠠᠯᠴᠠᠭ᠎ᠠ ᠶᠢ | ᠠᠬᠢᠭᠤᠯᠤᠨ᠎ᠠ᠃ 6 ᠲᠠᠯᠠᠪᠤᠷ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠯ᠎ᠡ ᠪᠠᠯᠭᠠᠰᠤ ᠰᠢᠶᠠᠩ ᠪᠠᠯᠭᠠᠰᠤᠨ ᠤ ᠴᠤᠭᠯᠠᠭ᠎ᠠ ᠮᠠᠶᠢᠮᠠᠶ᠂ ᠲᠢᠶᠠᠨ ᠢ | ᠪᠠᠯᠭᠠᠰᠤᠨ ᠤ ᠵᠡᠭᠡᠯᠢ ᠶᠢᠨ ᠭᠤᠤᠯ ᠴᠡᠴᠡᠷᠯᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠬᠠᠮᠤᠷᠪᠠ᠃ ᠨᠡᠶᠢᠲᠡ | 1500 ᠭᠠᠷᠤᠶ ᠠᠵᠢᠯ ᠡᠷᠢᠭᠴᠢ ᠶᠢ ᠲᠠᠲᠠᠵᠤ ᠲᠤᠬᠠᠶ ᠶᠢᠨ ᠲᠠᠯᠠᠪᠠᠶ ᠳᠤ ᠣᠷᠣᠯᠴᠠᠭᠤᠯᠵᠤ᠂ ᠰᠦᠯᠵᠢᠶᠡᠨ ᠳᠡᠭᠡᠷ᠎ᠡ | ᠦᠵᠡᠭᠰᠡᠨ ᠬᠡᠮᠵᠢᠶ᠎ᠡ 7500 ᠭᠠᠷᠤᠶ ᠬᠥᠮᠦᠨ ᠤᠳᠠᠭ᠎ᠠ ᠳᠤ ᠬᠦᠷᠴᠦ᠂ 120 ᠬᠥᠮᠦᠨ ᠳᠤ ᠠᠵᠢᠯ ᠣᠯᠭᠤᠬᠤ | ᠰᠠᠨᠠᠮᠵᠢ ᠲᠠᠢ ᠪᠣᠯᠪᠠ᠃ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ+ ᠠᠵᠢᠯ ᠤᠨ ᠪᠠᠶᠢᠷᠢ ᠳᠤ ᠬᠦᠷᠭᠡᠬᠦ︾ | ᠬᠤᠤᠰ ᠵᠠᠭᠪᠤᠷ ᠢ ᠰᠢᠨ᠎ᠡ ᠪᠠᠷ ᠡᠭᠦᠳᠦᠨ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ | ᠥᠨᠳᠥᠷ ᠳᠠᠪᠲᠠᠮᠵᠢ ᠪᠠᠷ ᠥᠷᠨᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠬᠢᠭᠡᠳ ᠬᠥᠳᠡᠯᠮᠦᠷᠢᠴᠢᠳ ᠤᠨ ᠠᠵᠢᠯ ᠤᠯᠬᠤ ᠬᠦᠰᠡᠯ ᠡᠷᠡᠮᠡᠯᠵᠡᠯ ᠳᠤ ᠨᠠᠷᠢᠯᠢᠭ ᠣᠨᠣᠴᠠᠲᠠᠶ ᠪᠠᠷ | ᠵᠣᠬᠢᠴᠠᠭᠤᠯᠤᠨ᠎ᠠ᠃ | ᠬᠤᠶᠠᠷ ᠲᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠭᠤᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠤᠯᠠᠷᠢᠯ ᠤᠨ ᠬᠥᠳᠡᠯᠦᠩᠭᠦᠶ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ | ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠬᠡᠷᠡᠭᠴᠡᠭᠡ ᠶᠣᠰᠣᠭᠠᠷ 3 ᠬᠤᠭᠤᠴᠠᠭᠠᠨ ᠤ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠠᠩᠭᠢ ᠪᠠᠶᠢᠭᠤᠯᠤᠨ᠎ᠠ᠃ ᠴᠠᠬᠢᠯᠭᠠᠨ ᠠᠵᠢᠯᠴᠢᠨ᠂ ᠡᠯᠧᠺᠲᠷᠣᠨ ᠬᠤᠳᠠᠯᠳᠤᠭᠠᠨ ᠤ | ᠡᠵᠡᠩᠨᠡᠯᠲᠡ᠂ ᠣᠨᠴᠠᠯᠢᠭᠲᠤ ᠲᠠᠷᠢᠮᠠᠯ ᠵᠡᠷᠭᠡ ᠲᠤᠰᠬᠠᠶ ᠮᠡᠷᠭᠡᠵᠢᠯ ᠤᠨ ᠬᠦᠷᠢᠶ᠎ᠡ ᠶᠢ ᠬᠠᠮᠤᠷᠴᠤ᠂ ᠨᠡᠶᠢᠲᠡ 86 | ᠬᠥᠮᠦᠨ ᠢ ᠪᠣᠯᠪᠠᠰᠤᠷᠠᠭᠤᠯᠪᠠ᠃ ︽ᠪᠣᠯᠪᠠᠰᠤᠷᠠᠭᠤᠯᠵᠤ ᠠᠵᠢᠯ ᠣᠯᠭᠤᠬᠤ︾ ᠬᠤᠤᠰ ᠬᠦᠷᠳᠦ ᠪᠠᠷ ᠬᠥᠳᠡᠯᠭᠡᠭᠦᠷ | ᠪᠣᠯᠭᠠᠬᠤ ᠶᠢ ᠬᠡᠷᠡᠭᠵᠢᠭᠦᠯᠵᠦ᠂ ᠰᠤᠷᠤᠭᠴᠢᠳ ᠤᠨ ᠠᠵᠢᠯ ᠤᠯᠬᠤ ᠰᠠᠨᠠᠮᠵᠢ ᠶᠢᠨ ᠲᠠᠨᠢᠯᠴᠠᠭᠤᠯᠬᠤ ᠠᠵᠢᠯ ᠤᠨ | ᠪᠠᠶᠢᠷᠢ ᠶᠢ ᠦᠨᠳᠦᠰᠦᠯᠡᠨ᠂ ᠪᠣᠯᠪᠠᠰᠤᠷᠠᠭᠤᠯᠤᠯ ᠤᠨ ᠠᠵᠢᠯ ᠣᠯᠭᠤᠯᠲᠠ ᠶᠢᠨ ᠨᠣᠷᠮ᠎ᠠ ᠶᠢ 92% ᠲᠤ ᠬᠦᠷᠭᠡᠪᠡ᠃ | | ᠭᠤᠷᠪᠠ ᠳᠤ᠂ ᠦᠢᠯᠡᠰ ᠴᠣᠭᠴᠠᠯᠠᠬᠤ ᠲᠡᠳᠬᠦᠮᠵᠢ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ 50% ᠶᠢᠨ ᠳᠠᠮ | ᠬᠦᠦ ᠶᠢᠨ ᠳᠡᠮᠵᠢᠯᠭᠡ ᠦᠵᠡᠭᠦᠯᠵᠦ᠂ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠪᠠᠷᠢᠮᠵᠢᠶᠠᠲᠤ ᠬᠦᠦ ᠶᠢᠨ ᠨᠣᠷᠮ᠎ᠠ ᠶᠢᠨ | 150BPS ᠠᠴᠠ ᠦᠨᠳᠦᠰᠦᠨ ᠪᠠᠷᠢᠮᠵᠢᠶᠠᠲᠤ ᠬᠦᠦ ᠶᠢᠨ ᠨᠣᠷᠮ᠎ᠠ ᠪᠣᠯᠭᠠᠨ ᠪᠠᠭᠤᠷᠠᠭᠤᠯᠪᠠ᠃ ᠨᠢᠭᠡᠨᠲᠡ 7 | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 1 ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠵᠦ | ᠂ 510 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ | ᠰᠢᠭᠤᠳ ᠳᠠᠶᠢᠴᠢᠯᠠᠨ 73 ᠬᠥᠮᠦᠨ ᠳᠤ ᠠᠵᠢᠯ ᠣᠯᠭᠤᠵᠤ᠂ ᠡᠭᠦᠨ ᠳᠤ ᠨᠤᠲᠤᠭ ᠲᠠᠭᠠᠨ ᠪᠤᠴᠠᠭᠰᠠᠨ ᠵᠠᠯᠠᠭᠤᠴᠤᠳ | ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠡᠵᠡᠯᠡᠬᠦ ᠬᠠᠷᠢᠴᠠᠯ 68 | % ᠳᠤ ᠬᠦᠷᠴᠡᠶ᠃ |