| | ᠨᠢᠩᠴᠧᠩ ᠰᠢᠶᠠᠨ ᠤ ᠬᠤᠲᠠ ᠲᠣᠭᠤᠷᠢᠭ ᠤᠨ ᠤᠰᠤᠨ ᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ | ᠠᠷᠠᠳ ᠣᠯᠠᠨ ᠤ ᠠᠷᠠᠳ ᠤᠨ ᠠᠮᠢᠳᠤᠷᠠᠯ ᠳᠤ ᠬᠤᠯᠪᠣᠭᠳᠠᠬᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ | ᠴᠢᠩᠭᠠᠷᠠᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ | ᠂ ︽ᠬᠤᠲᠠ ᠶᠢᠨ ᠤᠰᠤ ᠬᠠᠩᠭᠠᠬᠤ ᠤᠰᠤᠨ ᠤ ᠴᠢᠨᠠᠷ ᠤᠨ ᠬᠠᠮᠢᠶᠠᠷᠤᠯᠲᠠ ᠶᠢᠨ ᠲᠣᠭᠲᠠᠭᠠᠯ︾᠂ ︽ᠠᠮᠢᠳᠤᠷᠠᠯ ᠤᠨ | ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ ᠵᠢᠴᠢ ᠪᠠᠷᠢᠮᠵᠢᠶ᠎ᠠ ᠶᠢ ᠦᠨᠳᠦᠰᠦᠯᠡᠨ᠂ ᠨᠢᠩᠴᠧᠩ ᠰᠢᠶᠠᠨ ᠤ ᠬᠤᠲᠠ ᠶᠢᠨ ᠤᠰᠤ ᠬᠡᠷᠡᠭᠯᠡᠬᠦ | ᠦᠢᠯᠡᠴᠢᠯᠡᠭᠡᠨ ᠤ ᠲᠥᠪ ᠤᠨ ᠤᠰᠤᠨ ᠤ ᠴᠢᠨᠠᠷ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠯᠠᠨ | ᠨᠡᠶᠢᠲᠡ ᠳᠤ ᠵᠠᠷᠯᠠᠨ ᠨᠡᠶᠢᠲᠡᠯᠡᠨ᠎ᠡ᠃ ᠡᠳᠦᠭᠡ 2024 ᠣᠨ ᠤ ᠳᠥᠷᠪᠡᠳᠦᠭᠡᠷ ᠤᠯᠠᠷᠢᠯ ᠤᠨ 11. 12 ᠳ᠋ᠤᠭᠠᠷ | ᠰᠠᠷ᠎ᠠ ᠶᠢᠨ ᠦᠢᠯᠡᠳᠪᠦᠷᠢ ᠠᠴᠠ ᠭᠠᠷᠬᠤ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ | ᠨᠡᠶᠢᠭᠡᠮ ᠳᠤ ᠬᠠᠨᠳᠤᠭᠤᠯᠤᠨ ᠨᠡᠶᠢᠲᠡᠯᠡᠵᠡᠢ᠃ ᠲᠣᠰ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠤᠯᠠᠭᠠᠨᠬᠠᠳᠠ | ᠬᠤᠲᠠ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ ᠬᠠᠩᠭᠠᠨ᠎ᠠ᠃ | ᠨᠢᠩᠴᠧᠩ ᠰᠢᠶᠠᠨ ᠤ ᠬᠤᠲᠠ ᠶᠢᠨ ᠤᠰᠤ ᠬᠡᠷᠡᠭᠯᠡᠬᠦ ᠦᠢᠯᠡᠴᠢᠯᠡᠭᠡᠨ ᠤ ᠲᠦᠪ | 2025 ᠣᠨ ᠤ 3 ᠰᠠᠷ᠎ᠠ ᠶᠢᠨ 12 ᠤᠨ ᠡᠳᠦᠷ | | | | | | | | |