ᠨᠢᠩᠴᠧᠩ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠤᠰᠤ ᠠᠷᠪᠢᠯᠠᠬᠤ ᠦᠷ᠎ᠡ ᠪᠦᠲᠦᠮᠵᠢ ᠢᠯᠡᠳᠲᠡ ᠪᠣᠯᠪᠠ
ᠨᠡᠶᠢᠲᠡᠯᠡᠭᠰᠡᠨ ᠴᠠᠭ᠄
2025/3/12
    2019 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠨᠢᠩᠴᠧᠩ ᠰᠢᠶᠠᠨ ᠵᠢᠯ ᠪᠦᠷᠢ ᠬᠠᠮᠤᠭ ᠪᠠᠭ᠎ᠠ ᠳᠤ ᠪᠠᠨ 0.5 ᠲᠦᠮᠡᠨ ᠮᠥ ᠪᠠᠶᠢᠭᠤᠯᠤᠯᠲᠠ ᠶᠢᠨ ᠬᠤᠷᠳᠤᠴᠠ ᠶᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ 10.1 ᠲᠦᠮᠡᠨ ᠮᠥ ᠪᠡᠶᠡᠯᠡᠭᠦᠯᠪᠡ᠂ ᠡᠭᠦᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ 8.1 ᠲᠦᠮᠡᠨ ᠮᠥ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ 2.0 ᠲᠦᠮᠡᠨ ᠮᠥ᠂ ᠲᠥᠷᠥᠯ ᠵᠦᠢᠯ ᠨᠢ ᠪᠥᠬᠦ ᠰᠢᠶᠠᠨ ᠤ 14 ᠪᠠᠯᠭᠠᠰᠤ ᠰᠢᠶᠠᠩ ᠤᠨ 61 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠨᠡᠶᠢᠲᠡ 13210 ᠲᠦᠮᠡᠨ ᠲᠥᠭᠦᠷᠢᠭ ᠤᠨ ᠪᠠᠯᠠ ᠣᠷᠣᠭᠤᠯᠵᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠪᠠᠷ ᠳᠠᠮᠵᠢᠭᠤᠯᠤᠨ᠂ ᠲᠥᠷᠥᠯ ᠵᠦᠢᠯ ᠤᠨ ᠣᠷᠣᠨ ᠤ 10.1 ᠲᠦᠮᠡᠨ ᠮᠥ ᠲᠠᠷᠢᠶᠠᠨ ᠭᠠᠵᠠᠷ ᠢ ᠲᠥᠪᠯᠡᠷᠡᠭᠦᠯᠦᠨ ᠵᠠᠯᠭᠠᠯᠳᠤᠭᠤᠯᠤᠭᠰᠠᠨ᠂ ᠪᠡᠯᠡᠳᠬᠡᠮᠵᠢ ᠢᠵᠢ ᠪᠥᠷᠢᠳᠦᠭᠰᠡᠨ᠂ ᠥᠨᠳᠥᠷ ᠲᠣᠭᠲᠠᠭᠤᠨ ᠭᠠᠷᠤᠯᠲᠠ ᠲᠠᠢ᠂ ᠠᠮᠢ ᠠᠬᠤᠶ ᠰᠠᠶᠢᠨ ᠰᠠᠶᠢᠬᠠᠨ᠂ ᠭᠠᠮᠰᠢᠭ ᠲᠠᠢ ᠲᠡᠮᠡᠴᠡᠬᠦ ᠴᠢᠳᠠᠪᠤᠷᠢ ᠪᠠᠷ ᠴᠢᠩᠭ᠎ᠠ ᠦᠨᠳᠦᠰᠦᠨ ᠲᠠᠷᠢᠶᠠᠨ ᠭᠠᠵᠠᠷ ᠢ ᠪᠦᠷᠢᠯᠳᠦᠭᠦᠯᠵᠦ᠂ ᠤᠰᠤᠯᠠᠯᠲᠠ ᠶᠢᠨ ᠭᠠᠵᠠᠷ ᠤᠨ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠡᠯ ᠲᠠᠷᠢᠶᠠᠨ ᠭᠠᠵᠠᠷ ᠤᠨ ᠤᠰᠤ ᠶᠢ ᠪᠠᠲᠤᠯᠠᠵᠤ ᠤᠨᠠᠯᠲᠠ ᠶᠢ ᠲᠣᠭᠲᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ ᠲᠥᠷᠥᠯ ᠵᠦᠢᠯ ᠤᠨ ᠣᠷᠣᠨ ᠤ ᠲᠠᠷᠢᠶᠠᠴᠢᠨ ᠲᠦᠮᠡᠨ ᠤ ᠤᠰᠤ ᠠᠷᠪᠢᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃    ᠨᠢᠭᠡ ᠳᠤ ᠤᠰᠤ ᠠᠷᠪᠢᠯᠠᠵᠤ ᠴᠠᠬᠢᠯᠭᠠᠨ ᠠᠷᠪᠢᠯᠠᠬᠤ ᠦᠷ᠎ᠡ ᠪᠦᠲᠦᠮᠵᠢ ᠨᠢ ᠢᠯᠡᠷᠬᠡᠢ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠥ ᠪᠦᠷᠢ ᠶᠢᠨ ᠬᠡᠷᠡᠭᠯᠡᠬᠦ ᠤᠰᠤᠨ ᠤ ᠬᠡᠮᠵᠢᠶ᠎ᠡ 100 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠮᠥ ᠪᠦᠷᠢ ᠶᠢᠨ ᠴᠠᠬᠢᠯᠭᠠᠨ ᠤ ᠰᠦᠢᠳᠭᠡᠯ 21.6 ᠲᠥᠭᠦᠷᠢᠭ ᠲᠤᠰᠢᠶᠠᠵᠤ᠂ ᠮᠥ ᠪᠦᠷᠢ ᠶᠢᠨ ᠪᠦᠲᠦᠮᠵᠢᠲᠡᠶ ᠤᠰᠤᠯᠠᠯᠲᠠ ᠶᠢᠨ ᠨᠣᠷᠮ᠎ᠠ 97.0% ᠪᠣᠯᠪᠠ᠃ ᠮᠦ ᠪᠦᠷᠢ ᠳᠤ 80 ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠮᠦ ᠪᠦᠷᠢ ᠳᠤ 17.4 ᠲᠥᠭᠦᠷᠢᠭ ᠤᠨ ᠴᠠᠬᠢᠯᠭᠠᠨ ᠤ ᠰᠦᠢᠳᠬᠡᠯ ᠠᠷᠪᠢᠯᠠᠪᠠ᠃   ᠬᠤᠶᠠᠷ ᠲᠤ᠂ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠡᠵᠡᠮᠳᠡᠪᠡ᠃ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠨᠡᠶᠢᠲᠡ 2.0 ᠲᠦᠮᠡᠨ ᠮᠦ ᠰᠢᠨ᠎ᠡ ᠪᠠᠷ ᠪᠠᠶᠢᠭᠤᠯᠵᠤ᠂ ᠵᠢᠯ ᠳᠤ 3.5 ᠲᠦᠮᠡᠨ ᠲᠣᠨ ᠬᠥᠷᠥᠰᠥ ᠰᠢᠷᠣᠶ ᠶᠢᠨ ᠢᠳᠡᠭᠳᠡᠯ ᠢ ᠪᠠᠭᠠᠰᠬᠠᠵᠤ᠂ ᠵᠢᠯ ᠳᠤ 30 ᠲᠦᠮᠡᠨ ᠪᠣᠰᠤᠭ᠎ᠠ ᠳᠥᠷᠪᠡᠯᠵᠢᠨ ᠮᠧᠲᠷ ᠭᠠᠵᠠᠷ ᠤᠨ ᠭᠠᠳᠠᠷᠭᠤ ᠶᠢᠨ ᠣᠷᠣᠰᠬᠠᠯ ᠢ ᠬᠠᠰᠢᠵᠤ᠂ ᠲᠥᠷᠥᠯ ᠵᠦᠢᠯ ᠤᠨ ᠣᠷᠣᠨ ᠤ ᠳᠣᠲᠣᠷᠠᠬᠢ ᠬᠥᠷᠥᠰᠥ ᠰᠢᠷᠣᠶ ᠶᠢᠨ ᠢᠳᠡᠭᠳᠡᠯ ᠢ ᠦᠨᠳᠦᠰᠦᠨ ᠳᠤ ᠪᠠᠨ ᠬᠢᠵᠠᠭᠠᠷᠯᠠᠵᠤ᠂ ᠬᠥᠷᠥᠰᠥ ᠰᠢᠷᠣᠶ ᠶᠢᠨ ᠢᠳᠡᠭᠳᠡᠯ ᠤᠨ ᠬᠥᠨᠥᠭᠡᠯ ᠢ ᠪᠠᠭᠠᠰᠬᠠᠨ᠂ ᠤᠰᠤ ᠬᠠᠳᠠᠭᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠪᠡ᠃   ᠭᠤᠷᠪᠠ ᠳᠤ᠂ ᠳᠠᠯᠠᠩ ᠤᠨ ᠵᠠᠭᠠᠭ ᠬᠢᠵᠠᠭᠠᠷ ᠢ ᠡᠪᠳᠡᠵᠦ᠂ ᠭᠠᠵᠠᠷ ᠰᠢᠷᠣᠶ ᠶᠢᠨ ᠬᠡᠰᠡᠭ ᠪᠤᠰᠠᠭᠴᠢᠯᠠᠭᠰᠠᠨ ᠠᠰᠠᠭᠤᠳᠠᠯ ᠢ ᠰᠢᠢᠳᠪᠤᠷᠢᠯᠡᠪᠡ᠃ ᠬᠤᠷᠢᠶᠠᠯᠲᠠ ᠲᠠᠢ ᠨᠢ ᠬᠤᠯᠪᠣᠭᠳᠠᠭᠤᠯᠤᠨ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠠᠴᠠ ᠨᠠᠭᠠᠰᠢ᠂ ᠲᠠᠷᠢᠶᠠᠨ ᠭᠠᠵᠠᠷ ᠢ ᠳᠠᠭᠠᠭᠠᠴᠢᠯᠠᠭᠤᠯᠤᠨ ᠰᠠᠯᠭᠠᠵᠤ᠂ ᠬᠡᠰᠡᠭᠵᠢᠭᠰᠡᠨ ᠠᠰᠠᠭᠤᠳᠠᠯ ᠨᠡᠯᠢᠶᠡᠳ ᠬᠦᠨᠳᠦ ᠨᠣᠴᠢᠲᠠᠢ ᠪᠣᠯᠪᠠ᠃ ᠳᠠᠷᠤᠵᠤ ᠪᠠᠲᠤᠯᠠᠨ ᠠᠬᠢᠭᠤᠯᠵᠤ᠂ ᠲᠥᠪᠯᠡᠷᠡᠭᠦᠯᠦᠨ ᠵᠠᠯᠭᠠᠯᠳᠤᠭᠤᠯᠤᠨ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠨᠠᠯᠠᠤ ᠲᠠᠷᠢᠶᠠᠨ ᠭᠠᠵᠠᠷ ᠢ ᠵᠢᠷᠤᠭ ᠲᠥᠯᠥᠪᠯᠡᠭᠡ ᠶᠣᠰᠣᠭᠠᠷ ᠳᠠᠯᠠᠩ ᠤᠨ ᠴᠢᠭᠯᠡᠯ ᠢ ᠲᠣᠬᠢᠷᠠᠭᠤᠯᠵᠤ᠂ ᠲᠠᠷᠢᠶᠠᠨ ᠭᠠᠵᠠᠷ ᠢ ᠥᠷᠭᠡᠳᠬᠡᠵᠦ᠂ ︽ᠠᠲᠠᠷ ᠭᠠᠵᠠᠷ︾ ᠢ ᠲᠡᠭᠰᠢᠯᠡᠪᠡ᠃ ᠤᠰᠤᠯᠠᠯᠲᠠ ᠶᠢᠨ ᠲᠠᠷᠢᠶ᠎ᠠ ᠶᠢ ᠪᠦᠬᠦᠨ ᠢ ᠳᠤᠰᠤᠯᠭᠠᠨ ᠤᠰᠤᠯᠠᠵᠤ᠂ ᠡᠷᠦᠬᠡ ᠪᠣᠯᠤᠨ ᠡᠷᠦᠬᠡ ᠶᠢᠨ ᠬᠤᠭᠤᠷᠣᠨᠳᠣᠬᠢ ᠳᠠᠯᠠᠩ ᠢ ᠡᠪᠳᠡᠪᠡ᠃ ᠬᠢᠵᠠᠭᠠᠷ ᠲᠠᠢ ᠭᠠᠵᠠᠷ ᠰᠢᠷᠤᠶ ᠶᠢᠨ ᠡᠬᠢ ᠪᠠᠶᠠᠯᠢᠭ ᠢ ᠭᠦᠢᠴᠡᠳ ᠠᠰᠢᠭᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号