| ᠨᠢᠭᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠠᠳᠬᠤᠨ᠎ᠠ᠃ ᠲᠠᠷᠢᠶᠠᠴᠢᠨ ᠲᠦᠮᠡᠨ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ᠂ ᠪᠥᠬᠦ ᠲᠠᠯ᠎ᠠ ᠪᠠᠷ ᠣᠶᠢᠯᠠᠭᠠᠭᠤᠯᠵᠤ᠂ | ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠢᠳᠡᠪᠬᠢᠵᠢᠯ ᠢ ᠪᠦᠲᠦᠮᠵᠢᠲᠡᠶ | ᠳᠠᠶᠢᠴᠢᠯᠠᠬᠤ ᠶᠢᠨ ᠲᠥᠯᠥᠭᠡ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠲᠣᠰᠬᠤᠨ ᠤ ᠺᠠᠳ᠋ᠷᠴᠤᠳ ᠢ ᠵᠣᠬᠢᠶᠠᠨ | ᠪᠠᠶᠢᠭᠤᠯᠤᠨ ᠤᠬᠠᠭᠤᠯᠭ᠎ᠠ ᠶᠢᠨ ᠪᠤᠯᠤᠩ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ | ᠬᠡᠯᠪᠡᠷᠢ ᠪᠠᠷ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠵᠤ᠂ ᠲᠠᠷᠢᠶᠠᠴᠢᠨ | ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠢᠳᠡᠪᠬᠢᠵᠢᠯ ᠢ ᠬᠥᠭᠵᠢᠭᠡᠪᠡ᠃ ᠣᠲᠣ ᠪᠣᠯᠲᠠᠯ᠎ᠠ᠂ | ᠤᠬᠠᠭᠤᠯᠭ᠎ᠠ ᠶᠢᠨ ᠳᠡᠪᠲᠡᠷ 600 ᠳᠡᠪᠲᠡᠷ ᠲᠠᠷᠬᠠᠭᠠᠵᠤ᠂ ᠤᠬᠠᠭᠤᠯᠭ᠎ᠠ ᠶᠢᠨ ᠰᠠᠮᠪᠠᠷ᠎ᠠ 17 ᠭᠠᠷᠭᠠᠵᠠᠢ᠃ | ᠬᠤᠶᠠᠷ ᠲᠤ᠂ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠠᠳᠬᠤᠨ᠎ᠠ᠃ ᠬᠠᠷᠢᠶ᠎ᠠ ᠣᠷᠣᠨ ᠤ ᠳᠣᠲᠣᠷᠠᠬᠢ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠴᠡᠭ ᠤᠨ ᠲᠠᠷᠢᠶᠠᠨ ᠡᠮ᠂ ᠬᠢᠮᠢ ᠶᠢᠨ | ᠪᠤᠷᠳᠤᠭᠤᠷ᠂ ᠲᠠᠷᠢᠶᠠᠨ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠲᠤ | ᠪᠠᠶᠢᠴᠠᠭᠠᠯᠲᠠ ᠬᠢᠵᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ | ᠣᠷᠣᠬᠤ ᠶᠢ ᠴᠢᠩᠭ᠎ᠠ ᠰᠡᠷᠭᠡᠶᠢᠯᠡᠵᠦ᠂ ᠲᠤᠭ᠎ᠠ ᠬᠡᠮᠵᠢᠶ᠎ᠡ ᠭᠦᠢᠴᠡᠳ ᠰᠢᠯᠢᠳᠡᠭ ᠪᠠᠶᠢᠬᠤ ᠶᠢ ᠦᠨᠡᠨ ᠬᠦ ᠪᠠᠲᠤᠯᠠᠨ᠎ᠠ᠃ | ᠭᠤᠷᠪᠠ ᠳᠤ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠴᠡᠪᠡᠷᠯᠡᠬᠦ ᠠᠵᠢᠯ ᠢ ᠰᠠᠶᠢᠲᠤᠷ ᠠᠳᠬᠤᠨ᠎ᠠ᠃ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠴᠡᠪᠡᠷᠯᠡᠬᠦ | ᠡᠷᠴᠢᠮ ᠢ ᠴᠢᠩᠭᠠᠷᠠᠭᠤᠯᠵᠤ᠂ ᠡᠯ᠎ᠡ ᠲᠣᠰᠬᠤᠨ ᠳᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ | ᠠᠪᠬᠤ ᠴᠡᠭ ᠢ ᠲᠥᠪᠯᠡᠷᠡᠭᠦᠯᠦᠨ ᠪᠠᠶᠢᠷᠢᠯᠠᠭᠤᠯᠵᠤ᠂ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠴᠠᠭ | ᠲᠤᠬᠠᠢ ᠳᠤᠨᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠴᠤ᠂ | ᠬᠤᠷᠢᠶᠠᠨ ᠠᠪᠬᠤ ᠠᠵᠤ ᠠᠬᠤᠶᠢᠯᠠᠯ ᠲᠠᠢ ᠬᠠᠷᠢᠯᠴᠠᠵᠤ ᠪᠠᠶᠢᠭᠠᠳ ᠬᠤᠷᠢᠶᠠᠨ ᠠᠪᠴᠤ᠂ ᠲᠣᠰᠬᠤᠨ ᠤ ᠠᠷᠠᠳ ᠤᠨ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠡᠪᠡᠷᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠪᠦᠲᠦᠮᠵᠢᠲᠡᠢ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠨᠡᠶᠢᠲᠡ 20 ᠲᠣᠨ ᠬᠠᠶᠠᠭᠳᠠᠮᠠᠯ ᠬᠠᠭᠤᠴᠢᠨ | ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠤᠪᠠ᠃ | ᠳᠥᠷᠪᠡ ᠳᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢ ᠰᠠᠶᠢᠲᠤᠷ ᠠᠳᠬᠤᠨ᠎ᠠ᠃ ᠲᠠᠷᠢᠶᠠᠯᠠᠩ ᠤᠨ | ᠮᠠᠰᠢᠨ ᠤ ᠡᠷᠦᠬᠡ᠂ ᠲᠠᠷᠢᠶᠠᠨ ᠭᠠᠵᠠᠷ ᠲᠤ ᠭᠦᠨᠵᠡᠭᠡᠶᠢᠷᠡᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢᠶᠠᠷ | ᠠᠵᠢᠯᠯᠠᠬᠤ ᠳᠠᠯᠳᠠ ᠭᠡᠮ ᠤᠨ ᠶᠡᠭᠡ ᠪᠠᠶᠢᠴᠠᠭᠠᠯᠲᠠ ᠬᠢᠬᠦ ᠶᠢᠨ ᠬᠠᠮᠲᠤ ᠲᠠᠷᠢᠶᠠᠯᠠᠩ ᠤᠨ ᠮᠠᠰᠢᠨ ᠤ ᠠᠮᠤᠷ | ᠲᠦᠪᠰᠢᠨ ᠢᠶᠠᠷ ᠠᠵᠢᠯᠯᠠᠬᠤ ᠴᠢᠬᠤᠯᠠ ᠴᠢᠨᠠᠷ ᠢ ᠤᠬᠠᠭᠤᠯᠵᠤ᠂ ᠲᠠᠷᠢᠶᠠᠯᠠᠩ ᠤᠨ ᠮᠠᠰᠢᠨ ᠤ ᠠᠵᠢᠯᠲᠠᠨ ᠳᠤ ︽ᠠᠮᠤᠷ | ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠤᠬᠠᠮᠰᠠᠷ ᠢ ᠪᠠᠲᠤ ᠪᠠᠬᠢᠵᠢᠭᠦᠯᠦᠨ᠎ᠡ᠃ ᠣᠲᠣ ᠪᠣᠯᠲᠠᠯ᠎ᠠ᠂ ᠡᠯ᠎ᠡ | ᠲᠥᠷᠥᠯ ᠤᠨ ᠲᠠᠷᠢᠶᠠᠯᠠᠩ ᠤᠨ ᠮᠠᠰᠢᠨ ᠢ ᠨᠡᠶᠢᠲᠡ 124 ᠪᠠᠶᠢᠴᠠᠭᠠᠵᠤ᠂ ᠲᠠᠷᠢᠶᠠᠯᠠᠩ ᠤᠨ ᠮᠠᠰᠢᠨ ᠤ | ᠠᠵᠢᠯᠯᠠᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ |