ᠨᠢᠩᠴᠧᠩ ᠰᠢᠶᠠᠨ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠷᠠᠭᠤᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/19
    ᠨᠢᠩᠴᠧᠩ ᠰᠢᠶᠠᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ︽ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢᠨ ᠲᠥᠰᠦᠯ ︵2025-2030 ᠣᠨ︶︾ ᠢ ᠲᠣᠭᠲᠠᠭᠠᠵᠤ᠂ 2025 ᠣᠨ ᠳᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠᠷ ᠲᠥᠯᠥᠪᠯᠡᠵᠦ ᠪᠣᠶ᠃ ᠣᠳᠣ ᠪᠣᠯᠲᠠᠯ᠎ᠠ᠂ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢᠭᠡᠨᠲᠡ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ᠃ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ ᠵᠢᠷᠭᠤᠳᠤᠭᠠᠷ ᠬᠡᠦᠬᠡᠳ ᠤᠨ ᠴᠡᠴᠡᠷᠯᠢᠭ᠂  ᠬᠠᠷᠠᠬᠤᠲᠠ ᠶᠢᠨ ᠪᠸᠢ ᠸᠠ ᠽᠢ ᠬᠡᠦᠬᠡᠳ ᠤᠨ ᠴᠡᠴᠡᠷᠯᠢᠭ᠂ ᠹᠦ᠋ ᠵᠢᠶᠠ ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠵᠡᠷᠭᠡ 4 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠣᠯ ᠴᠣᠭᠴᠠ ᠶᠢ ᠨᠢ ᠪᠡᠶᠡᠯᠡᠭᠦᠯᠵᠦ᠂ ᠶᠠᠭ ᠰᠠᠶᠢᠬᠠᠨ ᠲᠤᠳᠤᠷᠠᠬᠢ ᠶᠢ ᠨᠢ ᠵᠠᠰᠠᠵᠦ ᠪᠠᠶᠢᠨ᠎ᠠ᠃ ᠬᠤᠶᠠᠳᠤᠭᠠᠷ ᠪᠠᠭ᠎ᠠ ᠰᠤᠷᠭᠠᠭᠤᠯᠢ ᠪᠠ ᠬᠠᠷᠢᠶᠠᠲᠤ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠵᠦ᠂ 2025 ᠣᠨ ᠤ 4 ᠰᠠᠷ᠎ᠠ ᠳᠤ ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃ ᠳᠣᠯᠣᠳᠤᠭᠠᠷ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠢ ᠨᠢᠭᠡᠨᠲᠡ ᠪᠦᠲᠦᠭᠡᠨ ᠪᠠᠶᠢᠭᠤᠯᠵᠤ᠂ ᠶᠠᠭ ᠲᠣᠨᠤᠭ ᠲᠥᠬᠦᠭᠡᠷᠦᠮᠵᠢ ᠬᠤᠳᠠᠯᠳᠤᠨ ᠠᠪᠴᠤ᠂ 2025 ᠣᠨ ᠤ ᠨᠠᠮᠤᠷ ᠤᠨ ᠤᠯᠠᠷᠢᠯ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号