ᠨᠢᠭᠡ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠶᠢᠨ ︽ᠮᠠᠰᠢᠨ ᠬᠦᠩᠬᠢᠨᠡᠨᠡ︾ | ᠪᠠᠯᠭᠠᠰᠤᠨ ᠤ ᠺᠠᠳ᠋ᠷ ᠨᠢᠭᠡᠳᠦᠭᠡᠷ ᠹᠷᠣᠨᠲ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ | ᠪᠠᠷᠢᠯᠭ᠎ᠠ ᠶᠢᠨ ᠲᠠᠯ᠎ᠠ᠂ ᠬᠢᠨᠠᠨ ᠬᠠᠮᠢᠶᠠᠷᠬᠤ ᠲᠠᠯ᠎ᠠ᠂ ᠲᠣᠰᠬᠤᠨ ᠤ ᠠᠷᠠᠳ ᠤᠨ ᠵᠥᠪᠯᠡᠯ᠂ ᠲᠠᠷᠢᠮᠠᠯ ᠤᠨ ᠡᠷᠦᠬᠡ | ᠵᠡᠷᠭᠡ ᠲᠠᠢ ᠬᠠᠮᠲᠤᠷᠠᠨ ᠲᠤᠬᠠᠶ ᠶᠢᠨ ᠭᠠᠵᠠᠷ ᠲᠤᠨᠢ ᠬᠠᠶᠢᠨ ᠬᠡᠮᠵᠢᠵᠦ᠂ ᠲᠣᠰᠬᠤᠨ ᠤ ᠠᠷᠠᠳ ᠤᠨ ᠵᠥᠪᠰᠢᠶᠡᠷᠡᠯ ᠢ | ᠤᠯᠤᠨ᠂ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠵᠦ᠂ ᠲᠥᠷᠥᠯ ᠵᠦᠢᠯ ᠤᠨ ᠵᠢᠷᠤᠭ | ᠲᠥᠯᠥᠪᠯᠡᠭᠡ ᠶᠢ ᠰᠢᠯᠢᠳᠡᠭᠵᠢᠭᠦᠯᠪᠡ᠃ ᠪᠠᠭ᠎ᠠ ᠮᠠᠩᠨᠤᠳ ᠲᠣᠰᠬᠤᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ | ᠮᠠᠯᠲᠠᠭᠤᠷ ᠮᠠᠰᠢᠨ᠂ ᠰᠢᠷᠣᠢ ᠲᠦᠯᠬᠢᠬᠦ ᠮᠠᠰᠢᠨ ᠵᠡᠷᠭᠡ ᠲᠤᠮᠤ ᠬᠡᠯᠪᠡᠷᠢ ᠶᠢᠨ ᠮᠠᠰᠢᠨ ᠲᠥᠬᠦᠭᠡᠷᠦᠮᠵᠢ ᠰᠦᠯᠵᠢᠯᠳᠦᠵᠦ᠂ | ᠰᠦᠯᠢᠶᠣᠣ ᠪᠦᠷᠬᠦᠪᠴᠢ ᠶᠢ ᠴᠡᠪᠡᠷᠯᠡᠨ ᠲᠡᠭᠰᠢᠯᠡᠵᠦ᠂ ᠤᠰᠤᠯᠠᠯᠲᠠ ᠶᠢᠨ ᠭᠤᠤ ᠰᠤᠪᠠᠭ ᠢ ᠨᠡᠭᠡᠭᠡᠨ ᠮᠠᠯᠲᠠᠬᠤ ᠪᠠ | ᠮᠠᠰᠢᠨ ᠢᠶᠠᠷ ᠲᠠᠷᠢᠶᠠᠯᠠᠬᠤ ᠵᠠᠮ ᠢ ᠤᠰᠤᠯᠠᠬᠤ ᠶᠢ ᠵᠡᠷᠭᠡᠪᠡᠷ ᠠᠬᠢᠭᠤᠯᠵᠤ᠂ ᠬᠤᠶᠢᠰᠢᠳᠠ ᠶᠢᠨ ᠪᠦᠳᠦᠭᠡᠨ | ᠪᠠᠶᠢᠭᠤᠯᠤᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠲᠣᠰᠬᠤᠨ ᠤ ᠨᠠᠮ ᠤᠨ ᠡᠭᠦᠷ ᠤᠨ ᠱᠦᠵᠢ ᠶᠢᠨ | ᠲᠠᠨᠢᠯᠴᠠᠭᠤᠯᠤᠭᠰᠠᠨ ᠢᠶᠠᠷ᠂ ᠲᠦᠷᠦᠯ ᠵᠦᠢᠯ ᠤᠨ ᠪᠦᠷᠬᠦᠬᠦᠯᠦᠭᠰᠡᠨ ᠲᠠᠷᠢᠶᠠᠨ ᠭᠠᠵᠠᠷ ᠤᠨ ᠲᠠᠯᠠᠪᠠᠢ 3032 ᠮᠦ | ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ︽ᠲᠠᠷᠢᠶ᠎ᠠ ᠦᠷᠭᠦᠯᠵᠢᠯᠡᠨ᠂ ᠵᠠᠮ ᠨᠡᠪᠲᠡᠷᠡᠯᠴᠡᠨ᠂ ᠰᠤᠪᠠᠭ | ᠬᠤᠯᠪᠤᠯᠳᠤᠬᠤ︾ ᠶᠢ ᠪᠡᠶᠡᠯᠡᠭᠦᠯᠵᠦ᠂ ᠮᠠᠰᠢᠨᠴᠢᠯᠠᠭᠰᠠᠨ ᠲᠠᠷᠢᠶᠠᠯᠠᠭ᠎ᠠ ᠶᠢᠨ ᠦᠷ᠎ᠡ ᠪᠦᠲᠦᠮᠵᠢ ᠶᠢ ᠶᠡᠬᠡᠪᠡᠷ | ᠳᠡᠭᠡᠭᠰᠢᠯᠡᠪᠡ᠃ | ᠬᠤᠶᠠᠷ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠭᠠᠵᠠᠷ ᠰᠢᠷᠣᠶ ᠶᠢᠨ ︽ᠴᠢᠰᠤ | ᠪᠦᠲᠦᠭᠡᠬᠦ ᠴᠢᠳᠠᠮᠵᠢ︾ ᠶᠢ ᠬᠥᠭᠵᠢᠭᠡᠨ᠎ᠡ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠭᠠᠵᠠᠷ ᠰᠢᠷᠣᠶ ᠶᠢᠨ | ᠪᠦᠲᠦᠴᠡ ᠶᠢ ᠰᠢᠯᠢᠳᠡᠭᠵᠢᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠤᠰᠤ ᠠᠷᠪᠢᠯᠠᠬᠤ ᠤᠰᠤᠯᠠᠯᠲᠠ᠂ ᠣᠶᠤᠨᠴᠢ | ᠬᠢᠨᠠᠨ ᠬᠡᠮᠵᠢᠯᠲᠡ ᠵᠡᠷᠭᠡ ᠲᠥᠬᠦᠭᠡᠷᠦᠮᠵᠢ ᠶᠢ ᠢᠵᠢ ᠪᠥᠷᠢᠳᠦᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠲᠥᠰᠦᠭᠡᠯᠡᠨ | ᠪᠤᠳᠤᠭᠰᠠᠨ ᠢᠶᠠᠷ᠂ ᠥᠭᠡᠷᠡᠴᠢᠯᠡᠭᠰᠡᠨ ᠤ ᠳᠠᠷᠠᠭ᠎ᠠ ᠮᠥ ᠪᠦᠷᠢ ᠶᠢᠨ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ | ᠵᠢᠱᠢᠯᠲᠡ ᠪᠠᠷ 15 - 20 % ᠪᠠᠷ ᠳᠡᠭᠡᠭᠰᠢᠯᠡᠭᠦᠯᠵᠦ᠂ ᠤᠰᠤ ᠠᠷᠪᠢᠯᠠᠵᠤ ᠪᠣᠷᠳᠣᠭᠤᠷ ᠠᠷᠪᠢᠯᠠᠬᠤ ᠦᠷ᠎ᠡ | ᠠᠰᠢᠭ ᠢᠶᠠᠷ ᠢᠯᠡᠳᠲᠡ ᠪᠣᠯᠭᠠᠨ᠎ᠠ᠃ | ᠭᠤᠷᠪᠠ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠲᠥᠷᠥᠯ ᠵᠦᠢᠯ ᠢ ︽ᠴᠢᠨᠠᠷ ᠰᠠᠶᠢᠲᠠᠶ | ᠨᠠᠶᠢᠳᠠᠪᠤᠷᠢᠵᠢᠭᠤᠯᠤᠨ᠎ᠠ︾ | ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠠᠩᠨᠤᠳ ᠪᠠᠯᠭᠠᠰᠦ ᠲᠤᠰᠬᠠᠶ | ᠠᠵᠢᠯ ᠤᠨ ᠳᠤᠭᠤᠶᠢᠯᠠᠩ ᠪᠠᠶᠢᠭᠤᠯᠵᠤ᠂ ᠲᠠᠷᠢᠶᠠᠯᠠᠩ ᠤᠨ ᠰᠠᠯᠠᠭ᠎ᠠ ᠮᠥᠴᠢᠷ᠂ ᠪᠠᠷᠢᠯᠭ᠎ᠠ ᠶᠢᠨ ᠲᠠᠯ᠎ᠠ ᠵᠢᠴᠢ | ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤᠷᠠᠨ᠂ ᠲᠤᠬᠠᠶ ᠶᠢᠨ ᠭᠠᠵᠠᠷ ᠲᠤᠨᠢ ᠬᠠᠶᠢᠨ ᠬᠡᠮᠵᠢᠬᠦ᠂ | ᠬᠥᠳᠡᠯᠦᠩᠭᠦᠶ ᠪᠠᠷ ᠬᠢᠨᠠᠯᠲᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠶᠠᠰᠤ ᠴᠢᠨᠠᠷ ᠤᠨ ᠪᠣᠭᠤᠮᠲᠠ ᠶᠢ | ᠴᠢᠩᠭ᠎ᠠ ᠠᠳᠬᠤᠪᠠ᠃ ᠡᠭᠦᠨ ᠤ ᠬᠠᠮᠲᠤ᠂ ᠲᠣᠰᠬᠤᠨ ᠤ ᠠᠷᠠᠳ ᠤᠨ ᠬᠡᠷᠡᠭᠴᠡᠭᠡ ᠲᠠᠢ ᠤᠶᠠᠯᠳᠤᠭᠤᠯᠤᠨ | ᠰᠢᠯᠢᠳᠡᠭᠵᠢᠭᠦᠯᠦᠨ ᠵᠢᠷᠤᠵᠤ ᠲᠥᠯᠥᠪᠯᠡᠵᠦ᠂ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠰᠢᠨᠵᠢᠯᠡᠬᠦ ᠤᠬᠠᠭᠠᠨᠴᠢ | ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠨ᠎ᠠ᠃ ᠣᠳᠣᠬᠠᠨ ᠳᠤ᠂ ᠪᠠᠭ᠎ᠠ ᠮᠠᠩᠨᠤᠳ ᠲᠣᠰᠬᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠶᠡᠷᠦᠩᠬᠡᠶ ᠪᠠᠷᠢᠯᠭ᠎ᠠ ᠶᠢᠨ ᠬᠡᠮᠵᠢᠶ᠎ᠡ ᠶᠢᠨ 50% ᠶᠢ | ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ 4 ᠰᠠᠷ᠎ᠠ ᠶᠢᠨ ᠳᠤᠮᠳᠠᠴᠢ ᠪᠠᠷ ᠪᠥᠬᠦ ᠲᠠᠯ᠎ᠠ ᠪᠠᠷ ᠪᠠᠷᠢᠯᠭ᠎ᠠ ᠲᠠᠭᠤᠰᠴᠦ | ᠭᠡᠷᠩᠯᠡᠯᠲᠡ ᠳᠤ ᠤᠷᠤᠭᠤᠯᠤᠨ᠎ᠠ᠃ | | |