ᠨᠢᠭᠡ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠡᠮ ᠢ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠮᠢᠶᠠᠷᠤᠯᠲᠠ᠂ ᠳᠣᠷᠣᠮᠵᠢᠯᠠᠯ ᠢ | ᠰᠡᠷᠭᠡᠶᠢᠯᠡᠨ ᠵᠠᠰᠠᠬᠤ ᠠᠵᠢᠯ᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠠᠵᠢᠯᠯᠠᠭ᠎ᠠ᠂ ᠢᠳᠡᠭᠡᠨ ᠤ ᠠᠮᠤᠷ | ᠲᠦᠪᠰᠢᠨ᠂ ᠡᠷᠬᠢᠨ ᠲᠣᠭᠤᠷᠢᠨ ᠤ ᠣᠷᠴᠢᠨ ᠲᠣᠭᠤᠷᠢᠨ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠬᠡ ᠲᠠᠩᠰᠠ ᠶᠢ ᠪᠠᠶᠢᠴᠠᠭᠠᠨ ᠦᠵᠡᠬᠦ᠂ ᠲᠠᠰᠢᠷᠠᠮ ᠢᠶᠠᠷ | ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ︵ᠵᠢᠱᠢᠶᠡᠯᠡᠪᠡᠯ ᠲᠦᠭᠰᠢᠭᠦᠷᠢ ᠮᠡᠳᠡᠭᠡᠯᠡᠬᠦ ᠲᠣᠨᠣᠭᠯᠠᠯ᠂ | ᠬᠢᠨᠠᠨ ᠡᠵᠡᠮᠳᠡᠬᠦ ᠰᠢᠰᠲ᠋ᠧᠮ︶᠂ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠵᠢᠴᠢ | ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠠᠵᠢᠯᠯᠠᠭᠠᠨ᠂ ᠬᠤᠭᠤᠯᠠᠨ ᠬᠡᠷ ᠤᠨ ᠡᠷᠡᠭᠦᠯ ᠬᠠᠮᠠᠭᠠᠯᠠᠯ ᠤᠨ | ᠬᠠᠮᠢᠶᠠᠷᠤᠯᠲᠠ᠂ ᠲᠤᠷᠰᠢᠯᠲᠠ ᠶᠢᠨ ᠲᠠᠰᠤᠭ ᠤᠨ ᠠᠶᠤᠯᠲᠠᠶ ᠬᠢᠮᠢ ᠶᠢᠨ ᠪᠣᠳᠠᠰ ᠤᠨ ᠬᠠᠳᠠᠭᠠᠯᠠᠯᠲᠠ᠂ | ᠰᠤᠷᠭᠠᠭᠤᠯᠢ ᠶᠢᠨ ᠡᠷᠬᠢᠨ ᠲᠣᠭᠤᠷᠢᠨ ᠤ ᠰᠣᠶᠣᠯ᠂ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠵᠡᠷᠭᠡ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | ᠬᠤᠶᠠᠷ ᠲᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠰᠠᠯᠲᠠ ᠶᠢᠨ | ᠬᠠᠮᠲᠤᠷᠠᠯ ᠬᠦᠴᠦᠨ ᠢ ᠪᠦᠷᠢᠯᠳᠦᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠣᠯᠠᠨ ᠰᠠᠯᠠᠭ᠎ᠠ ᠮᠥᠴᠢᠷ | ᠬᠠᠮᠵᠢᠯᠴᠠᠨ ᠵᠠᠰᠠᠬᠤ ᠶᠢ ᠳᠣᠪᠤᠶᠢᠯᠭᠠᠨ᠎ᠠ᠄ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠰᠤᠷᠭᠠᠭᠤᠯᠢ ᠶᠢᠨ | ᠬᠦᠷᠢᠶᠡᠨ ᠤ ︽ᠭᠤᠷᠪᠠ ᠶᠢ ᠰᠡᠷᠭᠡᠶᠢᠯᠡᠬᠦ︾ ︵ᠬᠥᠮᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ | ᠮᠡᠷᠭᠡᠵᠢᠯ ᠤᠨ ᠰᠡᠷᠭᠡᠶᠢᠯᠡᠯᠲᠡ︶ ᠶᠢᠨ ᠪᠥᠲᠥᠭᠡᠨ ᠪᠠᠶᠢᠭᠤᠯᠤᠯᠲᠠ ᠵᠢᠴᠢ ᠰᠦᠷᠳᠡᠭᠦᠯᠦᠯ ᠢ ᠡᠰᠡᠷᠭᠦᠴᠡᠬᠦ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠬᠠᠷᠭᠤᠭᠤᠯᠤᠨ | ᠪᠠᠶᠢᠴᠠᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ | ᠬᠡᠷ ᠤᠨ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠶᠠᠩᠵᠤ ᠦᠯᠡᠳᠡᠭᠡᠬᠦ᠂ ᠢᠳᠡᠭᠡᠨ ᠤ ᠲᠦᠭᠦᠬᠡᠶ | ᠮᠠᠲ᠋ᠧᠷᠢᠶᠠᠯ ᠬᠤᠳᠠᠯᠳᠤᠨ ᠠᠪᠬᠤ ᠭᠡᠷᠡᠴᠢ ᠪᠠᠷᠢᠮᠲᠠ ᠠᠪᠬᠤ ᠵᠡᠷᠭᠡ ᠳᠤ ᠨᠠᠷᠢᠨ ᠪᠠᠶᠢᠴᠠᠭᠠᠯᠲᠠ ᠬᠢᠪᠡ᠃ ᠰᠣᠶᠣᠯ ᠤᠨ | ᠬᠠᠤᠯᠢ ᠬᠡᠷᠡᠭᠵᠢᠭᠦᠯᠬᠦ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠠᠤᠯᠢ ᠪᠤᠰᠤ | ᠬᠡᠪᠯᠡᠭᠳᠡᠬᠦᠨ ᠢ ᠲᠥᠪᠯᠡᠷᠡᠭᠦᠯᠦᠨ ᠢᠯᠭᠠᠷᠠᠭᠤᠯᠵᠤ᠂ ᠲᠣᠭᠲᠠᠭᠠᠯ ᠠᠴᠠ ᠵᠥᠷᠢᠴᠡᠨ ᠡᠵᠡᠩᠨᠡᠬᠦ ᠲᠠᠯᠠᠪᠤᠷ ᠢ | ᠲᠥᠪᠯᠡᠷᠡᠭᠦᠯᠦᠨ ᠴᠡᠪᠡᠷᠯᠡᠵᠦ᠂ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ | ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ ᠤ | ᠬᠠᠯᠬᠠᠪᠴᠢ ᠶᠢ ᠪᠠᠲᠤ ᠴᠤᠬᠴᠠᠯᠠᠨ᠎ᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠣᠰ ᠤᠳᠠᠭᠠᠨ ᠤ | ᠰᠢᠮᠳᠠᠭᠤᠯᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠠᠴᠠ ᠨᠢ ᠵᠠᠰᠠᠵᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶ᠎ᠡ︾ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠄ | ︵ᠨᠢᠭᠡ︶ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠡᠬᠡ ᠲᠠᠩᠰᠠ ᠪᠠᠶᠢᠭᠤᠯᠵᠤ᠂ ︽ᠨᠠᠷᠢᠨ | ᠲᠠᠩᠰᠠ︾ ᠶᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠶᠢ ᠬᠡᠷᠡᠭᠵᠢᠭᠦᠯᠦᠨ᠎ᠡ᠃ | ︵ᠬᠤᠶᠠᠷ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠡᠷᠬᠢᠨ ᠬᠠᠷᠠᠬᠤ︾ ᠠᠵᠢᠯ ᠢ | ᠥᠷᠨᠢᠭᠦᠯᠵᠦ᠂ ᠳᠠᠯᠳᠠ ᠭᠡᠮ ᠢ ᠠᠷᠢᠯᠭᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠪᠠᠭᠰᠢ ᠰᠤᠷᠤᠭᠴᠢᠳ ᠤᠨ ᠬᠠᠤᠯᠢ ᠪᠠᠷ ᠵᠠᠰᠠᠬᠤ ᠠᠮᠤᠷ ᠲᠦᠪᠰᠢᠨ ᠤ ᠬᠥᠮᠦᠵᠢᠯ ᠢ | ᠴᠢᠩᠭᠠᠳᠬᠠᠵᠤ᠂ ᠲᠤᠰᠬᠠᠶ ᠰᠡᠳᠦᠪᠲᠦ ᠲᠠᠶᠢᠯᠤᠮᠵᠢ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠪᠠᠷ | ᠳᠠᠮᠵᠢᠭᠤᠯᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠣᠲᠣ ᠪᠣᠯᠲᠠᠯ᠎ᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢᠭᠡᠨᠲᠡ ᠪᠥᠬᠦ ᠰᠢᠶᠠᠨ ᠤ 10 ᠰᠢᠭᠤᠳ | ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠪᠠ 7 ᠭᠤᠤᠯ ᠰᠤᠷᠭᠠᠭᠤᠯᠢ ᠶᠢ ᠬᠠᠮᠲᠤᠷᠠᠨ | ᠪᠠᠶᠢᠴᠠᠭᠠᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠪᠥᠬᠦ ᠰᠢᠶᠠᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠬᠡᠤᠬᠡᠳ ᠤᠨ | ᠴᠡᠴᠡᠷᠯᠢᠭ ᠲᠤ ᠨᠡᠶᠢᠳᠡᠮ ᠵᠢᠭᠰᠠᠭᠠᠨ ᠪᠠᠶᠢᠴᠠᠭᠠᠯᠲᠠ ᠬᠢᠪᠡ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠰᠤᠷᠭᠠᠨ | ᠬᠥᠮᠦᠵᠢᠯ ᠤᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠯᠠᠵᠤ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠰᠠᠭᠤᠷᠢ ᠶᠢ ᠪᠠᠬᠢᠵᠢᠭᠦᠯᠵᠦ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠣᠭᠲᠠᠭᠤᠨ᠂ ᠡᠶ᠎ᠡ | ᠵᠣᠬᠢᠴᠠᠩᠭᠤᠶ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | | |