ᠨᠢᠩᠴᠧᠩ ᠰᠢᠶᠠᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠯᠪᠠᠨ ᠵᠠᠷ
ᠨᠡᠶᠢᠲᠡᠯᠡᠭᠰᠡᠨ ᠴᠠᠭ᠄
2025/3/27
    ᠮᠠᠨ ᠤ ᠰᠢᠶᠠᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ︾ ᠤᠨ ᠠᠷᠪᠠᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠨᠢᠩᠴᠧᠩ ᠰᠢᠶᠠᠨ ᠤ ᠴᠠᠭ ᠠᠭᠤᠷ ᠤᠨ ᠲᠣᠪᠴᠢᠶ᠎ᠠ ᠪᠥᠬᠦ ᠰᠢᠶᠠᠨ ᠤ ᠬᠡᠪᠴᠢᠶᠡᠨ ᠳᠤ ᠲᠡᠶᠢᠷᠦᠯᠲᠦ ᠰᠤᠮᠤ ᠶᠢᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ︵ᠴᠠᠰᠤ︶ ᠪᠠ ᠲᠡᠶᠢᠷᠦᠯᠲᠦ ᠰᠤᠮᠤ ᠶᠢᠨ ᠮᠥᠨᠳᠥᠷ ᠢ ᠰᠡᠷᠭᠡᠶᠢᠯᠡᠬᠦ ᠠᠵᠢᠯ ᠢ ᠥᠷᠨᠢᠭᠦᠯᠵᠦ᠂ ᠡᠯ᠎ᠡ ᠰᠢᠶᠠᠩ ᠪᠠᠯᠭᠠᠰᠤ᠂ ᠲᠣᠰᠬᠤᠨ ᠳᠤᠭᠤᠶᠢᠯᠠᠩ ᠵᠢᠴᠢ ᠬᠠᠮᠢᠶ᠎ᠠ ᠪᠥᠬᠦᠶ ᠨᠢᠭᠡᠴᠡ ᠳᠤ ᠬᠠᠯᠠᠮᠵᠢᠯᠠᠯ ᠪᠠ ᠳᠡᠮᠵᠢᠯᠭᠡ  ᠦᠵᠡᠭᠦᠯᠬᠦ ᠪᠤᠯᠪᠠᠦ᠂ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠲᠡᠶᠢᠷᠦᠯᠲᠦ ᠰᠤᠮᠤ ᠶᠢᠨ ᠪᠣᠷᠣᠭᠠᠨ ︵ᠴᠠᠰᠤ︶ ᠣᠷᠣᠭᠤᠯᠬᠤ ᠠᠵᠢᠯᠯᠠᠬᠤ ᠴᠠᠭ᠄ 2025 ᠣᠨ ᠤ 4 ᠰᠠᠷ᠎ᠠ ᠶᠢᠨ 1 ᠤ ᠡᠳᠦᠷ ᠠᠴᠠ 2026 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ   ᠠᠵᠢᠯᠯᠠᠬᠤ ᠣᠷᠣᠨ ᠪᠦᠰᠡ᠄ ᠪᠥᠬᠦ ᠰᠢᠶᠠᠨ ᠤ ᠬᠢᠯᠢ ᠳᠣᠲᠣᠷ᠎ᠠ   ᠬᠤᠶᠠᠷ᠂ ᠲᠡᠶᠢᠷᠦᠯᠲᠦ ᠰᠤᠮᠤ ᠶᠢᠨ ᠮᠥᠨᠳᠥᠷ ᠢ ᠰᠡᠷᠭᠡᠶᠢᠯᠡᠬᠦ ᠠᠵᠢᠯ ᠤᠨ ᠠᠵᠢᠯᠯᠠᠬᠤ ᠴᠠᠭ᠄ 2025 ᠣᠨ ᠤ 5 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ   ᠠᠵᠢᠯᠯᠠᠬᠤ ᠣᠷᠣᠨ᠄ ᠪᠥᠬᠦ ᠰᠢᠶᠠᠨ ᠤ ᠬᠢᠯᠢ ᠳᠣᠲᠣᠷᠠᠬᠢ ᠮᠥᠨᠳᠥᠷ ᠢ ᠰᠡᠷᠭᠡᠶᠢᠯᠡᠬᠦ ᠠᠵᠢᠯ ᠤᠨ ᠨᠥᠬᠦᠴᠡᠯ ᠲᠠᠢ ᠰᠢᠶᠠᠩ ᠪᠠᠯᠭᠠᠰᠤ   ᠭᠤᠷᠪᠠ᠂ ᠠᠩᠬᠠᠷᠬᠤ ᠵᠦᠢᠯ   1᠂ ᠲᠣᠰ ᠠᠵᠢᠯ ᠪᠣᠯ ᠵᠠᠰᠠᠭ ᠤᠨ ᠣᠷᠳᠣᠨ ᠤ ᠪᠥᠬᠦ ᠬᠦᠴᠦᠨ ᠤ ᠳᠡᠮᠵᠢᠯᠭᠡ ᠳᠣᠤᠷ᠎ᠠ ᠬᠢᠭᠰᠡᠨ ᠴᠠᠭ ᠠᠭᠤᠷ ᠤᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠠᠵᠢᠯᠯᠠᠵᠤ ᠪᠠᠶᠢᠭ᠎ᠠ ᠬᠥᠮᠦᠰ ᠵᠢᠴᠢ ᠠᠵᠢᠯᠯᠠᠬᠤ ᠲᠡᠷᠭᠡ ᠬᠥᠰᠬᠡ ᠶᠢ ᠴᠥᠮ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠳᠤ ᠳᠠᠩᠰᠠᠯᠠᠭᠤᠯᠪᠠ᠃ ᠠᠵᠢᠯᠯᠠᠬᠤ ᠬᠤᠭᠤᠴᠠᠭᠠᠨ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠡᠶᠢᠷᠦᠯᠲᠦ ᠰᠤᠮᠤ ᠶᠢᠨ ᠪᠣᠷᠣᠭᠠᠨ ᠨᠡᠮᠡᠭᠳᠡᠭᠦᠯᠬᠦ ᠪᠤᠶᠤ ᠲᠡᠶᠢᠷᠦᠯᠲᠦ ᠰᠤᠮᠤ ᠶᠢᠨ ᠮᠥᠨᠳᠥᠷ ᠢ ᠰᠡᠷᠭᠡᠶᠢᠯᠡᠬᠦ ᠠᠵᠢᠯ ᠳᠤ ᠭᠠᠷ ᠲᠦᠷᠦᠭᠦ ᠡᠷᠬᠡ ᠦᠭᠡᠶ ᠪᠥᠭᠡᠳ ᠪᠣᠷᠣᠭᠠᠨ ᠨᠡᠮᠡᠭᠳᠡᠭᠦᠯᠵᠦ ᠮᠥᠨᠳᠥᠷ ᠢ ᠰᠡᠷᠭᠡᠶᠢᠯᠡᠬᠦ ᠠᠵᠢᠯ ᠤᠨ ᠲᠥᠬᠦᠭᠡᠷᠦᠮᠵᠢ ᠵᠢᠴᠢ ᠠᠵᠢᠯᠯᠠᠬᠤ ᠭᠠᠵᠠᠷ ᠤᠨ ᠪᠡᠯᠡᠳᠬᠡᠮᠵᠢ ᠶᠢ ᠬᠠᠷᠰᠢᠯᠠᠬᠤ ᠪᠠ ᠵᠣᠷᠢᠭᠤᠳᠠ ᠡᠪᠳᠡᠭᠰᠡᠨ ᠪᠣᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃ 2. ᠠᠵᠢᠯᠯᠠᠬᠤ ᠣᠷᠣᠨ ᠳᠣᠲᠣᠷ᠎ᠠ ᠠᠴᠠ ᠪᠠᠨ ᠪᠣᠷᠣᠭᠠᠨ ᠣᠷᠣᠭᠤᠯᠵᠤ ᠮᠥᠨᠳᠥᠷ ᠢ ᠰᠡᠷᠭᠡᠶᠢᠯᠡᠬᠦ ᠲᠡᠶᠢᠷᠦᠯᠲᠦ ᠰᠤᠮᠤ ᠶᠢᠨ ᠬᠦᠷᠦᠭᠰᠡᠨ ᠭᠠᠵᠠᠷ ᠢ ᠣᠯᠵᠤ ᠮᠡᠳᠡᠭᠰᠡᠨ ᠪᠤᠶᠤ ᠲᠡᠭᠦᠵᠦ ᠠᠪᠤᠭᠠᠳ᠂ ᠳᠤᠷ᠎ᠠ ᠪᠠᠷ ᠢᠶᠠᠨ ᠵᠠᠳᠠᠯᠵᠤ ᠪᠣᠯᠬᠤ ᠥᠬᠡᠶ᠂ ᠳᠠᠷᠤᠶ ᠲᠦᠷᠭᠡᠨ ᠴᠠᠭ ᠠᠭᠤᠷ ᠤᠨ ᠰᠠᠯᠠᠭ᠎ᠠ ᠮᠥᠴᠢᠷ ᠲᠤ ᠮᠡᠳᠡᠭᠳᠡᠵᠦ᠂ ᠲᠣᠬᠢᠲᠠᠶ ᠰᠢᠢᠳᠪᠦᠷᠢᠯᠡᠬᠦ ᠳᠤ ᠲᠥᠬᠦᠮ ᠦᠵᠡᠭᠦᠯᠬᠦ ᠬᠡᠷᠡᠭᠲᠡᠶ᠃ ᠬᠥᠮᠦᠨ ᠤ ᠬᠦᠴᠦ ᠪᠠᠷ ᠴᠠᠭ ᠠᠭᠤᠷ ᠤᠨ ᠠᠮᠤᠷ ᠲᠦᠪᠰᠢᠨ ᠢ ᠨᠥᠯᠥᠭᠡᠯᠡᠬᠦ ᠠᠳᠡᠯ ᠭᠠᠷᠤᠭᠰᠠᠨ ᠪᠠᠶᠢᠪᠠᠯ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠶᠢ ᠠᠩᠬᠠᠷᠬᠤ ᠶᠢᠨ ᠬᠠᠮᠲᠤ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠵᠢᠴᠢ ᠴᠠᠭ ᠠᠭᠤᠷ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃  ᠤᠲᠠᠰᠤ᠄ 0476 - 4275001  ᠠᠵᠢᠯᠯᠠᠬᠤ ᠲᠡᠷᠭᠡᠨ ᠫᠠᠶᠢᠰᠠ᠄ ᠥᠪᠥᠷ ᠮᠣᠩᠭᠤᠯ CMB102    ᠣᠨᠴᠠᠭᠠᠶᠢᠯᠠᠨ ᠵᠠᠷᠯᠠᠪᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠴᠠᠭ ᠠᠭᠤᠷ ᠤᠨ ᠲᠣᠪᠴᠢᠶ᠎ᠠ 2035 ᠣᠨ ᠤ 3 ᠰᠠᠷ᠎ᠠ ᠶᠢᠨ 25 ᠤ ᠡᠳᠦᠷ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号