ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/3/27
ᠪᠦᠬᠦ ᠰᠢᠶᠠᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ᠄     ᠣᠢ ᠰᠢᠭᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ ᠪᠣᠯ ᠪᠢᠳᠡ ᠪᠦᠬᠦᠨ ᠤ ᠳᠠᠷᠬᠠᠨ ᠬᠠᠷᠢᠭᠤᠴᠠᠯᠭ᠎ᠠ ᠶᠤᠮ᠃ ᠮᠠᠨ ᠤ ᠰᠢᠶᠠᠨ ᠨᠢᠭᠡᠨᠲᠡ ᠪᠦᠬᠦ ᠲᠠᠯ᠎ᠠ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠯ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠪᠢᠳᠡ ᠦᠨᠡᠨ ᠰᠡᠳᠬᠢᠯ ᠠᠴᠠ ᠪᠠᠨ ᠲᠠᠨ ᠳᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠨᠡᠮᠡᠭᠳᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠤᠯᠠᠨ ᠢᠶᠠᠷ ᠢᠶᠠᠨ ᠭᠠᠯ ᠢ ᠰᠡᠷᠭᠡᠶᠢᠯᠡᠬᠦ ᠤᠬᠠᠮᠰᠠᠷ ᠪᠠ ᠬᠠᠤᠯᠢ ᠰᠠᠬᠢᠯᠭ᠎ᠠ ᠶᠢᠨ ᠦᠵᠡᠯᠲᠡ ᠪᠠᠨ ᠪᠠᠲᠤᠳᠬᠠᠵᠤ᠂ ︽ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠵᠠᠷᠯᠢᠭ︾ ᠢ ᠴᠢᠩᠭ᠎ᠠ ᠵᠢᠷᠤᠮᠯᠠᠵᠤ᠂ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠳᠤ ᠪᠥᠬᠦ ᠨᠡᠶᠢᠭᠡᠮ ᠤᠨ ᠥᠷᠭᠡᠨ ᠳᠡᠯᠭᠡᠷ ᠣᠷᠣᠯᠴᠠᠯᠭ᠎ᠠ ᠪᠠ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠂ ᠪᠢᠳᠡ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠡᠯᠴᠢ ᠪᠣᠯᠬᠤ ᠪᠠᠷ ᠴᠢᠷᠮᠠᠶᠢᠵᠤ᠂ ᠮᠠᠨ ᠤ ᠰᠢᠶᠠᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠨᠡᠮᠡᠷᠢᠯᠡᠨ᠎ᠡ᠃    ᠬᠤᠶᠠᠷ᠂ ᠥᠪᠡᠷ ᠤᠨ ᠭᠠᠯ ᠢ ᠰᠡᠷᠭᠡᠶᠢᠯᠡᠬᠦ ᠣᠬᠠᠮᠰᠠᠷ ᠢᠶᠠᠨ ᠴᠢᠩᠭᠠᠳᠬᠠᠵᠤ᠂ ᠭᠠᠯ ᠤᠨ ᠠᠶᠤᠯ ᠤᠨ ᠳᠠᠯᠳᠠ ᠭᠡᠮ ᠢ ᠪᠠᠭᠠᠰᠬᠠᠬᠤ ᠬᠡᠷᠡᠭᠲᠡᠶ᠃ ︽ᠭᠠᠯ ᠢ ᠰᠡᠷᠭᠡᠶᠢᠯᠡᠬᠦ ᠠᠮᠤᠷ ᠲᠦᠪᠰᠢᠨ ᠤ ᠴᠢᠪᠬᠠᠳᠠᠰᠦ︾ ᠶᠢ ᠴᠢᠩᠭ᠎ᠠ ᠠᠳᠬᠤᠵᠤ᠂ ᠭᠠᠯ ᠤᠨ ᠡᠬᠢ ᠰᠤᠷᠪᠤᠯᠵᠢ ᠶᠢ ᠠᠭᠤᠯᠠᠨ ᠳᠤ ᠣᠷᠣᠭᠤᠯᠬᠤ ᠦᠭᠡᠢ᠃ ᠣᠯᠠᠨ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯᠲᠠᠨ ᠤ ᠤᠬᠠᠭᠤᠯᠭ᠎ᠠ ᠪᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠭᠠᠯ ᠤᠨ ᠲᠥᠷᠥᠯ ᠪᠠ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠠᠪᠴᠤ ᠣᠶ ᠰᠢᠭᠤᠶ ᠶᠢᠨ ᠭᠠᠯ ᠰᠡᠷᠭᠡᠶᠢᠯᠡᠬᠦ ᠣᠷᠣᠨ ᠳᠤ ᠣᠷᠣᠵᠤ ᠢᠷᠡᠬᠦ ᠥᠬᠡᠶ ᠪᠠᠶᠢᠵᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠬᠤᠸᠠᠷ ᠫᠤᠤᠵᠢᠩ ᠲᠠᠯᠪᠢᠬᠤ᠂ ᠡᠰᠢ ᠰᠦᠷᠡᠯ ᠰᠢᠲᠠᠭᠠᠬᠤ᠂ ᠠᠲᠠᠷ ᠬᠠᠭᠠᠯᠪᠤᠷᠢᠯᠠᠬᠤ᠂ ᠭᠤᠤᠷᠰᠤ ᠰᠢᠲᠠᠭᠠᠬᠤ ᠵᠡᠷᠭᠡ ᠭᠠᠯ ᠬᠡᠷᠡᠭᠯᠡᠬᠦ  ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠤᠨ ᠳᠠᠯᠳᠠ ᠬᠡᠮ ᠢ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠶ᠃    ᠭᠤᠷᠪᠠ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠪᠣᠬᠢᠷᠲᠤᠯ ᠦᠭᠡᠢ ᠬᠡᠪ ᠰᠤᠷᠲᠠᠯ ᠢ ᠪᠠᠳᠠᠷᠠᠭᠤᠯᠬᠤ ᠬᠡᠷᠡᠭᠲᠡᠶ᠃ ᠬᠠᠩᠰᠢ ᠶᠢᠨ ᠡᠳᠦᠷ ᠵᠡᠷᠭᠡ ᠤᠯᠠᠮᠵᠢᠯᠠᠯᠲᠤ ᠲᠤᠷᠠᠰᠬᠠᠯ ᠤᠨ ᠡᠳᠦᠷ ᠬᠦᠷᠴᠦ ᠢᠷᠡᠬᠦ ᠪᠠᠷ᠂ ᠣᠯᠠᠨ ᠢᠶᠠᠷ ᠢᠶᠠᠨ ᠰᠣᠷᠭᠤᠭ ᠴᠡᠴᠡᠭ᠂ ᠮᠣᠳᠣ ᠲᠠᠷᠢᠬᠤ᠂ ᠰᠦᠯᠵᠢᠶᠡᠨ ᠤ ᠲᠠᠬᠢᠯᠭ᠎ᠠ ᠬᠢᠬᠦ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠬᠦᠵᠢ ᠠᠰᠠᠭᠠᠬᠤ᠂ ᠴᠠᠭᠠᠰᠤ ᠰᠢᠲᠠᠭᠠᠬᠤ᠂ ᠵᠤᠯᠠ ᠠᠰᠠᠭᠠᠬᠤ ᠵᠡᠷᠭᠡ ᠲᠠᠬᠢᠯᠭ᠎ᠠ ᠳᠤ ᠭᠠᠯ ᠬᠡᠷᠡᠭᠯᠡᠬᠦ ᠬᠠᠭᠤᠴᠢᠨ ᠳᠠᠳᠬᠠᠯ ᠢ ᠲᠠᠶᠠᠭᠳᠠᠵᠤ᠂ ᠪᠣᠯᠪᠠᠰᠤᠨ ᠢᠶᠠᠷ ᠭᠠᠰᠢᠭᠤᠳᠠᠯ ᠢᠶᠠᠨ ᠢᠯᠡᠳᠬᠡᠬᠦ ᠶᠢ ᠬᠦᠰᠡᠵᠦ ᠪᠠᠶᠢᠨ᠎ᠠ᠃    ᠳᠥᠷᠪᠡ᠂ ᠥᠷᠭᠡᠨ ᠢᠶᠠᠷ ᠤᠬᠠᠭᠤᠯᠤᠨ ᠬᠥᠮᠦᠵᠢᠭᠦᠯᠵᠦ᠂ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠯᠭᠠᠨ᠎ᠠ᠃ ᠤᠯᠠᠨ ᠢᠶᠠᠷ ᠢᠶᠠᠨ ᠭᠠᠯ ᠢ ᠰᠡᠷᠭᠡᠶᠢᠯᠡᠬᠦ ᠤᠬᠠᠭᠤᠯᠤᠭᠴᠢ ᠪᠤᠯᠵᠤ᠂ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠶᠢᠨ ᠴᠢᠬᠤᠯᠠ ᠴᠢᠨᠠᠷ ᠢ ᠳᠡᠷᠭᠡᠳᠡᠬᠢ ᠭᠡᠷ ᠤᠨ ᠬᠥᠮᠦᠰ᠂ ᠬᠠᠮᠲᠤ ᠠᠵᠢᠯᠯᠠᠭᠴᠢ ᠪᠣᠯᠤᠨ ᠲᠦᠷᠦᠯ ᠰᠠᠳᠤᠨ ᠨᠠᠶᠢᠵᠠ ᠨᠥᠬᠦᠳ ᠲᠤ ᠪᠠᠨ ᠳᠠᠮᠵᠢᠭᠤᠯᠤᠭᠠᠷᠠᠢ᠃ ᠢᠯᠠᠩᠭᠤᠶ᠎ᠠ ᠨᠠᠰᠤᠲᠠᠶᠢᠴᠤᠳ᠂ ᠵᠠᠯᠠᠭᠤᠴᠤᠳ ᠪᠠᠭᠠᠴᠤᠳ ᠵᠢᠴᠢ ᠬᠡᠤᠬᠡᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠬᠥᠮᠦᠨ ᠪᠦᠬᠦᠨ ᠳᠤ ᠮᠡᠳᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠤᠯ ᠠᠴᠠ ᠵᠠᠶᠢᠯᠠᠬᠤ ᠮᠡᠳᠡᠯᠭᠡ ᠶᠢ ᠬᠥᠮᠦᠨ ᠪᠦᠬᠦᠨ ᠳᠤ ᠡᠵᠡᠮᠰᠢᠭᠦᠯᠵᠦ᠂ ᠰᠢᠨᠵᠢᠯᠡᠬᠦ ᠤᠬᠠᠭᠠᠨᠴᠢ ᠪᠠᠷ ᠥᠪᠡᠷ ᠢ ᠪᠠᠨ ᠠᠪᠤᠷᠠᠬᠤ ᠶᠢ ᠪᠡᠶᠡᠯᠡᠭᠦᠯᠬᠦ ᠬᠡᠷᠡᠭᠲᠡᠶ᠃    ᠲᠠᠪᠤ᠂ ᠭᠠᠯ ᠲᠦᠢᠮᠡᠷ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠦᠴᠦ ᠪᠠᠨ ᠬᠠᠮᠲᠤᠳᠬᠠᠨ ᠭᠡᠷ ᠣᠷᠣᠨ ᠢᠶᠠᠨ ᠰᠠᠬᠢᠨ ᠬᠠᠮᠠᠭᠠᠯᠠᠬᠤ ᠬᠡᠷᠡᠭᠲᠡᠶ᠃ ᠪᠦᠬᠦ ᠠᠷᠠᠳ ᠢᠶᠠᠷ ᠢᠶᠠᠨ ᠭᠠᠯ ᠢ ᠰᠡᠷᠭᠡᠶᠢᠯᠡᠵᠦ ᠬᠦᠴᠦ ᠪᠠᠨ ᠬᠠᠮᠲᠤᠳᠬᠠᠨ ᠠᠮᠤᠷ ᠲᠥᠪᠰᠢᠨ ᠢ ᠪᠠᠲᠤᠯᠠᠨ᠎ᠠ᠃ ᠭᠠᠯ ᠲᠦᠢᠮᠡᠷ ᠭᠠᠷᠤᠮᠠᠭᠴᠠ 12119 ᠴᠠᠭᠳᠠᠭ᠎ᠠ ᠳᠤ ᠮᠡᠳᠡᠭᠦᠯᠬᠦ ᠤᠲᠠᠰᠤ ᠶᠢ ᠳᠠᠷᠤᠶ ᠲᠦᠷᠭᠡᠨ ᠤᠲᠠᠰᠤᠳᠠᠵᠤ ᠴᠠᠭ ᠲᠤᠬᠠᠶ ᠳᠤᠨᠢ ᠣᠨᠣᠪᠴᠢᠲᠠᠶ ᠮᠡᠳᠡᠭᠦᠯᠦᠭᠡᠷᠡᠢ᠃ ᠡᠭᠦᠨ ᠤ ᠬᠠᠮᠲᠤ ᠂ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ ᠡᠷᠬᠡᠪᠰᠢ ᠪᠠᠲᠤ ᠴᠡᠭᠡᠵᠢᠯᠡᠵᠦ᠂ ᠡᠩ ᠲᠡᠷᠢᠭᠦᠨ ᠳᠤ ᠥᠪᠡᠷ ᠤᠨ ᠪᠠ ᠪᠤᠰᠤᠳ ᠤᠨ ᠪᠡᠶ᠎ᠡ ᠶᠢᠨ ᠠᠮᠤᠷ ᠲᠦᠪᠰᠢᠨ ᠢᠶᠠᠨ ᠦᠨᠡᠨ ᠬᠦ ᠪᠠᠲᠤᠯᠠᠵᠤ᠂ ᠪᠣᠯᠪᠠᠰᠤᠷᠠᠯ ᠢ ᠳᠠᠮᠵᠢᠭᠰᠠᠨ ᠥᠬᠡᠶ ᠲᠤᠰᠬᠠᠶ ᠮᠡᠷᠭᠡᠵᠢᠯ ᠤᠨ ᠪᠤᠰᠤ ᠬᠥᠮᠦᠰ ᠭᠠᠯ ᠤᠨᠲᠠᠷᠠᠭᠠᠵᠤ ᠪᠣᠯᠬᠤ ᠥᠬᠡᠶ᠃    ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠭᠠᠷ ᠬᠤᠯᠪᠣᠯᠴᠠᠨ᠂ ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠪᠠᠲᠤ ᠪᠠᠬᠢ ᠤᠷᠳᠤ ᠴᠠᠭᠠᠨ ᠬᠡᠷᠡᠮ ᠢ ᠬᠠᠮᠲᠤ ᠪᠠᠷ ᠴᠣᠭᠴᠠᠯᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠡᠳ᠋ᠯᠡᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︕    ᠨᠢᠩᠴᠧᠩ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠢᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2025 ᠣᠨ ᠤ 3 ᠰᠠᠷ᠎ᠠ ᠶᠢᠨ 21 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号