ᠮᠠᠩᠨᠣᠳ ᠪᠠᠯᠭᠠᠰᠤ ︽ᠵᠢᠷᠭᠤᠭᠠᠨ ᠠᠵᠢᠯᠯᠠᠭ᠎ᠠ︾ ᠪᠠᠷ ᠤᠳᠤᠷᠢᠳᠤᠮᠵᠢ ᠪᠣᠯᠭᠠᠵᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠵᠦ ᠡᠨᠧᠷᠭᠢ ᠣᠯᠭᠤᠪᠠ
ᠨᠡᠶᠢᠲᠡᠯᠡᠭᠰᠡᠨ ᠴᠠᠭ᠄
2025/3/4
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠩᠨᠣᠳ ᠪᠠᠯᠭᠠᠰᠤ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠᠷ ᠭᠤᠣᠯ ᠭᠠᠷᠳᠠᠴᠠ ᠪᠣᠯᠭᠠᠵᠤ᠂ ᠲᠠᠷᠢᠶᠠᠯᠠᠩ ᠤᠨ ᠣᠳᠣᠬᠢᠴᠢᠯᠠᠯᠲᠠ᠂ ᠠᠵᠤ ᠦᠢᠯᠡᠰ ᠤᠨ ᠲᠡᠰ ᠳᠡᠪᠰᠢᠬᠦ᠂ ᠠᠮᠢ ᠠᠬᠤᠢ ᠶᠢᠨ ᠵᠠᠰᠠᠯᠲᠠ ᠵᠡᠷᠭᠡ ᠬᠦᠷᠢᠶᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ  ᠨᠡᠮᠡᠷᠢᠯᠡᠨ᠎ᠡ᠃    ᠨᠢᠭᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ᠄ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ    ᠮᠠᠩᠨᠣᠳ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ  ᠪᠠᠶᠢᠭᠤᠯᠤᠯᠲᠠ ᠶᠢ ᠲᠠᠷᠢᠶᠠᠯᠠᠩ ᠤᠨ ᠣᠳᠣᠬᠢᠴᠢᠯᠠᠯᠲᠠ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ 2025 ᠣᠨ ᠳᠤ ᠣᠲᠣ ᠶᠢᠨ 6700 ᠭᠠᠷᠤᠶ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢᠨ ᠳᠡᠭᠡᠷ᠎ᠡ᠂ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠪᠠ ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠲᠥᠯᠥᠪᠯᠡᠵᠦ ᠪᠣᠶ᠃    ᠬᠤᠶᠠᠷ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠲᠠᠰ ᠳᠡᠪᠰᠢᠯᠲᠠ᠄ ᠤᠮᠠᠷᠠᠲᠤ ᠶᠢᠨ ᠠᠯᠠᠰᠢᠨ ᠦᠬᠡᠷ ᠤᠨ ᠠᠵᠤ ᠦᠢᠯᠡᠰ ᠤᠨ ᠥᠨᠳᠦᠷᠯᠢᠭ ᠢ ᠪᠣᠶ ᠪᠣᠯᠭᠠᠨ᠎ᠠ    ︽ᠪᠥᠬᠦ ᠤᠯᠤᠰ ᠤᠨ ᠨᠢᠭᠡ ᠲᠣᠰᠬᠤᠨ ᠨᠢᠭᠡ ᠦᠢᠯᠡᠳᠭᠦᠨ ᠤ ᠵᠢᠱᠢᠶ᠎ᠡ ᠦᠵᠡᠭᠦᠯᠬᠦ ᠪᠠᠯᠭᠠᠰᠤ︾ ᠶᠢᠨ ᠳᠠᠪᠠᠭᠤᠯᠢᠭ ᠲᠤ ᠲᠦᠰᠢᠭᠯᠡᠨ᠂ ᠮᠠᠩᠨᠣᠳ ᠪᠠᠯᠭᠠᠰᠤ ᠠᠯᠠᠰᠢᠨ ᠦᠬᠡᠷ ᠤᠨ ᠠᠵᠤ ᠦᠢᠯᠡᠰ ᠢᠶᠠᠷ ᠭᠤᠤᠯ ᠪᠣᠯᠭᠠᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠣᠬᠢᠷᠲᠤᠯ ᠥᠬᠡᠶ ᠠᠮᠢ ᠠᠬᠤᠶᠢᠴᠢᠯᠠᠭᠰᠠᠨ ᠬᠥᠭᠵᠢᠯᠲᠡ ᠶᠢ ᠠᠬᠢᠭᠤᠯᠪᠠ᠃    ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠬᠦ᠄ 500 ᠲᠦᠮᠡᠨ ᠲᠥᠭᠦᠷᠢᠭ ᠤᠨ ᠪᠠᠯᠠ ᠣᠷᠣᠭᠤᠯᠵᠤ ᠱᠧᠩ ᠲᠢᠶᠠᠨ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠷᠭᠡᠳᠬᠡᠨ ᠪᠠᠶᠢᠭᠤᠯᠵᠤ᠂ ᠲᠡᠷᠭᠡ ᠵᠣᠭᠰᠣᠭᠠᠬᠤ ᠲᠣᠭᠤᠷᠢᠭ᠂ ᠨᠠᠶᠢᠳᠠᠨ ᠪᠣᠷᠣᠯᠠᠭᠤᠯᠬᠤ ᠲᠣᠭᠤᠷᠢᠭ ᠵᠡᠷᠭᠡ ᠴᠢᠳᠠᠮᠵᠢ ᠶᠢᠨ ᠬᠤᠪᠢᠶᠠᠷᠢ ᠲᠣᠭᠤᠷᠢᠭ ᠢ ᠰᠢᠨ᠎ᠡ ᠪᠠᠷ ᠨᠡᠮᠡᠭᠳᠡᠭᠦᠯᠵᠦ᠂ ᠡᠳᠦᠷ ᠳᠤᠮᠳᠠᠴᠢ ᠶᠢᠨ ᠠᠷᠠᠯᠵᠢᠶᠠᠨ ᠤ ᠲᠤᠭ᠎ᠠ ᠨᠢ ᠮᠢᠩᠭᠠᠨ ᠲᠦᠮᠡᠨ ᠲᠥᠭᠦᠷᠢᠭ ᠢ ᠳᠠᠪᠠᠵᠤ᠂ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠨᠥᠯᠥᠭᠡᠯᠡᠨ ᠳᠠᠶᠢᠴᠢᠯᠠᠨ᠎ᠠ᠃    ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ᠄ ᠥᠪᠥᠷ ᠮᠣᠩᠭᠤᠯ ᠤᠨ ᡂᠢ ᠮᠦ ᠢᠳᠡᠭᠡᠨ ᠤ ᠺᠣᠮᠫᠠᠨᠢ ᠶᠢᠨ ᠨᠢᠲᠤᠯᠵᠤ ᠡᠳ᠋ᠰᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠣᠯᠭᠤᠭᠰᠠᠨ ᠢᠳᠡᠭᠡᠨ ᠢ ᠡᠳ᠋ᠰᠢᠭᠦᠯᠬᠦ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠭᠤᠭᠴᠤᠭ᠎ᠠ ᠶᠢ ᠵᠡᠷᠭᠡᠪᠡᠷ ᠬᠥᠭᠵᠢᠭᠦᠯᠦᠨ᠂ ︽ᠦᠷᠡᠵᠢᠭᠦᠯᠦᠨ ᠪᠤᠶᠢᠵᠢᠭᠤᠯᠬᠤ - ᠲᠡᠵᠢᠭᠡᠨ ᠦᠷᠡᠵᠢᠭᠦᠯᠬᠦ - ᠡᠳ᠋ᠰᠢᠭᠦᠯᠬᠦ - ᠪᠣᠷᠣᠯᠠᠭᠤᠯᠬᠤ︾ ᠶᠢ ᠨᠢᠭᠡ ᠴᠤᠭᠴᠠᠵᠢᠭᠤᠯᠤᠭᠰᠠᠨ ᠬᠡᠯᠬᠢᠶ᠎ᠡ ᠶᠢ ᠪᠦᠷᠢᠯᠳᠦᠭᠦᠯᠵᠦ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃    ᠠᠮᠢ ᠠᠬᠤᠶ ᠶᠢ ᠡᠷᠭᠢᠯᠳᠦᠭᠦᠯᠦᠨ ᠠᠰᠢᠭᠯᠠᠬᠤ᠄ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠵᠢᠯ ᠳᠤ 1000 ᠲᠦᠮᠡᠨ ᠪᠣᠰᠤᠭ᠎ᠠ ᠳᠥᠷᠪᠡᠯᠵᠢᠨ ᠮᠧᠲᠷ ᠮᠠᠯ ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠵᠦ᠂ ᠨᠠᠮᠤᠭ ᠤᠨ ᠬᠡᠢ ᠵᠢᠴᠢ ᠣᠷᠭᠠᠨᠢᠭ ᠪᠣᠷᠳᠣᠭᠤᠷ ᠦᠢᠯᠡᠳᠪᠦᠷᠢᠯᠡᠵᠦ᠂ ᠪᠣᠬᠢᠷᠲᠤᠯ ᠤᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠡᠬᠢ ᠪᠠᠶᠠᠯᠢᠭ ᠤᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃    ᠭᠤᠷᠪᠠ᠂ ᠲᠥᠷᠥᠯ ᠵᠦᠢᠯ ᠤᠨ ᠪᠠᠲᠤᠯᠠᠭ᠎ᠠ ᠶᠢᠨ ᠲᠣᠭᠲᠠᠴᠠ᠄ ᠨᠠᠶᠢᠳᠠᠪᠤᠷᠢᠵᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ    ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠩᠨᠣᠳ ᠪᠠᠯᠭᠠᠰᠤ ︽ᠲᠥᠷᠥᠯ ᠵᠦᠢᠯ ᠤᠨ ᠬᠠᠮᠢᠶᠠᠷᠤᠭᠴᠢ︾ ᠶᠢᠨ ᠲᠤᠰᠬᠠᠶ ᠠᠩᠭᠢ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ︽ᠨᠢᠭᠡ ᠳᠤ ᠨᠢᠭᠡ︾ ᠶᠢᠨ ᠪᠥᠬᠦ ᠶᠠᠪᠤᠴᠠ ᠶᠢᠨ ᠳᠣᠲᠣᠨᠣ ᠦᠢᠯᠡᠴᠢᠯᠡᠭᠡ ᠬᠠᠩᠭᠠᠵᠤ ᠬᠥᠭᠵᠢᠯᠲᠡ ᠶᠢ ᠡᠷᠢᠯᠬᠢᠯᠡᠪᠡ᠃ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠤᠨ ᠲᠣᠭᠤᠷᠢᠨ ᠳᠤ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠢᠵᠢ ᠪᠦᠷᠢᠳᠦᠭᠦᠯᠬᠦ ᠠᠵᠤ ᠠᠬᠤᠶᠢᠯᠠᠯ ᠢ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠢ ᠪᠣᠶ ᠪᠣᠯᠭᠠᠨ᠎ᠠ᠃    ᠮᠠᠩᠨᠣᠳ ᠪᠠᠯᠭᠠᠰᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠠᠷ ᠵᠢᠷᠤᠭ ᠲᠥᠰᠦᠪ ᠪᠣᠯᠭᠠᠵᠤ᠂ ᠴᠢᠬᠤᠯᠠ ᠶᠡᠭᠡ ᠲᠥᠷᠥᠯ  ᠵᠤᠶᠢᠯ ᠢ ᠲᠥᠯᠥᠪᠵᠢᠭᠦᠯᠦᠨ ᠬᠡᠷᠡᠭᠵᠢᠭᠦᠯᠬᠦ ᠪᠠᠷ ᠳᠠᠮᠵᠢᠭᠤᠯᠤᠨ᠂ ︽ᠬᠥᠳᠡᠭᠡ ᠠᠵᠤ ᠠᠬᠤᠶ ᠬᠦᠴᠦᠷᠬᠡᠭ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ᠂ ᠲᠠᠷᠢᠶᠠᠴᠢᠳ ᠪᠠᠶᠠᠵᠢᠭᠰᠠᠨ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠵᠤ ᠪᠠᠶᠢᠨ᠎ᠠ᠃ ᠢᠷᠡᠭᠡᠳᠦᠢ ᠳᠤ᠂ ᠮᠠᠩᠨᠣᠳ ᠪᠠᠯᠭᠠᠰᠤ ᠦᠷᠭᠦᠯᠵᠢᠯᠡᠨ ᠠᠵᠤ ᠦᠢᠯᠡᠰ ᠤᠨ ᠲᠡᠰ ᠳᠡᠪᠰᠢᠬᠦ᠂ ᠠᠮᠢ ᠠᠬᠤᠢ ᠶᠢᠨ ᠵᠠᠰᠠᠯᠲᠠ ᠪᠣᠯᠤᠨ ᠣᠷᠣᠨ ᠪᠦᠰᠡ ᠶᠢᠨ ᠬᠠᠮᠵᠢᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号