| ᠨᠢᠭᠡ ᠳᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠰᠢᠶᠠᠩ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠢᠭᠡᠳᠦᠯᠲᠡᠶ ᠲᠥᠯᠥᠪᠯᠡᠨ | ᠪᠠᠶᠢᠷᠢᠯᠠᠭᠤᠯᠬᠤ᠂ ᠤᠷᠢᠳᠠᠪᠠᠷ ᠲᠤᠷᠰᠢᠯᠲᠠ ᠬᠢᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠪᠥᠬᠦ ᠲᠠᠯ᠎ᠠ ᠪᠠᠷ | ᠠᠬᠢᠭᠤᠯᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ︽ᠨᠠᠢᠮᠠᠨ ᠶᠡᠭᠡ ᠡᠭᠦᠷᠭᠡ︾ ᠪᠠ | ᠬᠤᠲᠠ ᠶᠢᠨ ᠱᠠᠲᠤᠨ ᠤ ︽ᠵᠢᠷᠭᠤᠭᠠᠨ ᠶᠡᠭᠡ ᠠᠷᠭ᠎ᠠ ᠬᠡᠮᠵᠢᠶ᠎ᠡ︾ ᠶᠢᠨ ᠲᠣᠭᠤᠷᠢᠨ ᠳᠤ᠂ ᠰᠢᠶᠠᠨ ᠤ ᠠᠶᠤᠯᠬᠦᠢ | ᠦᠢᠯᠡᠳᠪᠦᠷᠢᠯᠡᠯ ᠤᠨ ᠵᠥᠪᠯᠡᠯ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ | ᠵᠢᠯᠣᠭᠤᠳᠬᠤ ᠭᠠᠵᠠᠷ ᠲᠤ ᠲᠦᠰᠢᠭᠯᠡᠨ᠂ ︽ᠳᠣᠯᠤᠭ᠎ᠠ ᠶᠢ ᠪᠦᠷᠢᠳᠦᠭᠦᠯᠬᠦ︾ ᠦᠨᠳᠦᠰᠦᠨ ᠱᠠᠲᠤᠨ ᠤ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ 18 ᠪᠠᠯᠭᠠᠰᠤ ᠰᠢᠶᠠᠩ | ᠵᠡᠭᠡᠯᠢ ᠳᠤ ᠴᠥᠮ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠯᠪᠠᠨ ᠬᠡᠷ ᠪᠠᠶᠢᠭᠤᠯᠵᠤ᠂ ᠬᠤᠷᠬᠤᠭ | ᠪᠠᠯᠭᠠᠰᠤ ᠶᠢ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ᠪᠣᠯᠭᠠᠨ᠂ ᠳᠡᠭᠡᠷ᠎ᠡ ᠬᠤᠷᠤᠭ᠎ᠠ ᠪᠠᠯᠭᠠᠰᠤ ᠪᠠ | ᠪᠠᠷᠬᠠᠨ ᠪᠠᠯᠭᠠᠰᠤ ᠶᠢ ᠬᠤᠲᠠ ᠶᠢᠨ ᠲᠠᠰ ᠤᠨ ᠲᠤᠷᠰᠢᠯᠲᠠ ᠶᠢᠨ ᠴᠡᠭ ᠪᠣᠯᠭᠠᠪᠠ᠃ | ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠣᠣᠷᠵᠢᠯ ᠤᠨ ᠬᠠᠮᠢᠶᠠᠷᠤᠯᠲᠠ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠲᠦᠷᠭᠡᠨ ᠳᠠᠭᠠᠬᠤ ᠵᠡᠷᠭᠡ ᠲᠤᠯᠤᠭᠠᠨ ᠵᠦᠢᠯ ᠤᠨ ᠲᠣᠭᠲᠠᠴᠠ ᠶᠢ | ᠪᠠᠶᠢᠭᠤᠯᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠵᠢᠴᠢ ᠵᠠᠰᠠᠭ ᠵᠠᠬᠢᠷᠭᠠᠨ ᠤ ᠲᠣᠰᠬᠤᠨ ᠤ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠡᠷᠬᠡ | ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠨ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ 2024 ᠣᠨ ᠤ ᠰᠢᠯᠭᠠᠨ ᠬᠢᠨᠠᠬᠤ ᠳᠤ | ᠣᠷᠣᠭᠤᠯᠵᠤ᠂ ᠡᠵᠡᠯᠡᠬᠦ ᠬᠠᠷᠢᠴᠠᠯ ᠢ 10% ᠳᠤ ᠬᠦᠷᠦᠭᠦᠯᠪᠡ᠃ | ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠨᠡᠮᠡᠭᠳᠡᠭᠦᠯᠪᠡ᠃ ᠭᠠᠯ ᠤᠨᠲᠠᠷᠠᠭᠠᠬᠤ ᠠᠩᠭᠢ᠂ ᠦᠶᠡᠷ ᠢ | ᠰᠡᠷᠭᠡᠶᠢᠯᠡᠬᠦ ᠠᠩᠭᠢ᠂ ᠭᠠᠮᠰᠢᠭ ᠤᠨ ᠮᠡᠳᠡᠭᠡ ᠵᠠᠩᠭᠢᠴᠢ ᠵᠡᠷᠭᠡ ᠣᠯᠠᠨ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ | ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ | ᠬᠤᠷᠬᠤᠭ ᠪᠠᠯᠭᠠᠰᠤᠨ ᠳᠤ ᠨᠢᠭᠡᠨᠲᠡ 36 ᠬᠥᠮᠦᠨ ᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠠᠩᠭᠢ ᠶᠢ ᠪᠠᠶᠢᠭᠤᠯᠤᠭᠰᠠᠨ ᠪᠥᠭᠡᠳ ᠪᠥᠬᠦ ᠪᠠᠯᠭᠠᠰᠤᠨ ᠤ 283 ᠨᠡᠷᠡᠰ ᠭᠠᠮᠰᠢᠭ ᠤᠨ ᠮᠡᠳᠡᠭᠡ | ᠵᠠᠩᠭᠢᠴᠢ ᠳᠤ ᠲᠦᠰᠢᠭᠯᠡᠨ ᠲᠣᠤᠷᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠪᠡ᠃ |