ᠨᠢᠩᠴᠧᠩ ᠰᠢᠶᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ ᠡᠯᠪᠡᠭ ᠬᠤᠷᠢᠶᠠᠯᠲᠠ ᠶᠢᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2025/3/5
    ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠮᠥᠨ᠃ ᠨᠢᠩᠴᠧᠩ ᠰᠢᠶᠠᠨ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠬᠥᠳᠡᠯᠦᠯᠴᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠳᠤ ᠪᠠᠲᠤ ᠰᠠᠭᠤᠷᠢ ᠲᠡᠯᠪᠢᠨ᠎ᠡ᠃    ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠶᠢᠨ ᠲᠠᠯ᠎ᠠ ᠪᠠᠷ᠂ ᠨᠢᠩᠴᠧᠩ ᠰᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠠᠩᠭᠠᠬᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠨ ᠦᠷ᠎ᠡ᠂ ᠲᠠᠷᠢᠶᠠᠯᠠᠩ ᠤᠨ ᠰᠦᠯᠢᠶᠣᠣ ᠪᠦᠷᠬᠦᠪᠴᠢ ᠵᠡᠷᠭᠡ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠲᠡᠭᠡᠭᠡᠪᠦᠷᠢᠯᠡᠬᠦ ᠡᠷᠴᠢᠮ ᠢ ᠴᠢᠩᠭᠠᠷᠠᠭᠤᠯᠪᠠ᠃ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠨᠢᠭᠡᠨᠲᠡ 2.5 ᠲᠦᠮᠡᠨ ᠲᠣᠨ ᠬᠢᠮᠢ ᠶᠢᠨ ᠪᠣᠷᠲᠣᠭᠤᠷ ᠨᠥᠭᠡᠴᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠤᠨ᠎ᠠ᠃ ᠲᠠᠷᠢᠶᠠᠨ ᠡᠮ ᠤᠨ ᠨᠥᠭᠡᠴᠡ ᠶᠢᠨ ᠬᠡᠮᠵᠢᠶ᠎ᠡ 150 ᠲᠣᠨ ᠳᠤ ᠬᠦᠷᠴᠦ᠂ 180 ᠲᠣᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠨᠥᠭᠡᠴᠡ ᠨᠢ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠴᠡᠳ ᠪᠠᠶᠢᠬᠤ ᠶᠢ ᠦᠨᠡᠨ ᠬᠦ ᠪᠠᠲᠤᠯᠠᠨ᠎ᠠ᠃    ᠲᠠᠷᠢᠶᠠᠯᠠᠩ ᠤᠨ ᠮᠡᠷᠭᠡᠵᠢᠯ ᠤᠨ ᠵᠢᠯᠤᠭᠤᠳᠤᠯᠭ᠎ᠠ ᠶᠢ ᠴᠤ ᠵᠡᠷᠭᠡᠪᠡᠷ ᠠᠳᠬᠤᠨ᠎ᠠ᠃ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠨᠢ ᠲᠠᠷᠢᠶᠠᠯᠠᠩ ᠤᠨ ᠮᠡᠷᠭᠡᠵᠢᠯ ᠤᠨ ᠲᠤᠷᠰᠢᠯᠭ᠎ᠠ ᠲᠠᠢ 50 ᠭᠠᠷᠤᠶ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠡᠯ᠎ᠡ ᠰᠢᠶᠠᠩ ᠪᠠᠯᠭᠠᠰᠤᠨ ᠤ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠠᠷᠢᠶᠠᠴᠢᠨ ᠡᠷᠦᠬᠡ ᠲᠠᠢ ᠨᠢᠭᠤᠷᠲᠠᠨ ᠦᠢᠯᠡᠴᠢᠯᠡᠭᠡ ᠬᠠᠩᠭᠠᠪᠠ᠃ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠮᠡᠷᠭᠡᠵᠢᠯ ᠤᠨ ᠪᠣᠯᠪᠠᠰᠤᠷᠠᠯ ᠢ 30 ᠲᠠᠯᠠᠪᠤᠷ ᠤᠳᠠᠭ᠎ᠠ ᠥᠷᠨᠢᠭᠦᠯᠵᠦ᠂ ᠲᠠᠷᠢᠶᠠᠴᠢᠳ ᠲᠤ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠬᠡᠷᠡᠭᠯᠡᠬᠦ ᠵᠡᠷᠭᠡ ᠣᠯᠠᠨ ᠲᠠᠯ᠎ᠠ ᠶᠢᠨ ᠮᠡᠳᠡᠯᠭᠡ ᠶᠢ ᠬᠦᠷᠲᠡᠭᠡᠵᠦ᠂ 2000  ᠭᠠᠷᠤᠢ ᠲᠠᠷᠢᠶᠠᠴᠢᠨ ᠪᠤᠯᠪᠠᠰᠤᠷᠠᠯ ᠳᠤ ᠤᠷᠤᠯᠴᠠᠨ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃    ᠡᠭᠦᠨ ᠠᠴᠠ ᠭᠠᠳᠠᠨ᠎ᠠ᠂ ᠨᠢᠩᠴᠧᠩ ᠰᠢᠶᠠᠨ ᠪᠠᠰᠠ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠪᠠ᠃ ᠣᠳᠣᠬᠠᠨ ᠪᠣᠯᠲᠠᠯ᠎ᠠ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠂ ᠠᠮᠤ ᠪᠤᠳᠠᠭ᠎ᠠ ᠳᠠᠷᠢᠬᠤ ᠲᠣᠮᠣ ᠡᠷᠦᠬᠡ ᠶᠢᠨ ᠨᠥᠬᠦᠪᠥᠷᠢ ᠵᠡᠷᠭᠡ ᠪᠠᠯᠠ ᠮᠥᠩᠭᠦ ᠶᠢ ᠨᠡᠶᠢᠲᠡ 1800 ᠲᠦᠮᠡᠨ ᠲᠥᠭᠦᠷᠢᠭ ᠲᠠᠷᠬᠠᠭᠠᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠪᠦᠲᠦᠮᠵᠢᠲᠡᠶ ᠬᠥᠭᠵᠢᠭᠡᠪᠡ᠃ ᠡᠭᠦᠨ ᠤ ᠬᠠᠮᠲᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号