| ︽ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ︾ ᠪᠣᠯ ᠨᠢᠩᠴᠧᠩ ᠰᠢᠶᠠᠨ ᠤ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠭᠠᠷᠳᠠᠴᠠ ᠮᠥᠨ᠂ ᠪᠠᠰᠠ | ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ | ᠮᠥᠨ᠃ ᠪᠦᠬᠦ ᠰᠢᠶᠠᠨ ᠤ 21 ᠲᠤᠷᠰᠢᠯᠲᠠ ᠶᠢᠨ ᠴᠡᠭ ᠤᠨ ᠲᠣᠰᠬᠤᠨ ᠳᠤ ᠭᠠᠵᠠᠷ ᠰᠢᠷᠣᠢ᠂ ᠮᠥᠩᠭᠦᠨ ᠭᠦᠢᠯᠭᠡᠭᠡ | ᠂ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠲᠥᠪᠯᠡᠷᠡᠭᠦᠯᠵᠦ᠂ ᠲᠠᠷᠢᠶᠠᠯᠠᠩ ᠰᠣᠶᠣᠯ ᠵᠤᠭᠠᠴᠠᠯ ᠢ | ᠠᠭᠤᠰᠤᠯᠴᠠᠭᠤᠯᠤᠨ ᠬᠥᠭᠵᠢᠭᠦᠯᠬᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠳᠠᠶᠢᠴᠢᠯᠠᠬᠤ᠂ | ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠤᠯᠠᠨ ᠵᠦᠢᠯ ᠤᠨ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠭᠠᠷᠭᠠᠵᠤ᠂ ᠲᠠᠷᠢᠶᠠᠴᠢᠳ ᠤᠨ | ᠰᠤᠯᠠ ᠪᠠᠶᠢᠭ᠎ᠠ ᠣᠷᠣᠨ ᠰᠠᠭᠤᠴᠠ ᠶᠢᠨ ᠰᠠᠭᠤᠷᠢᠨ ᠭᠠᠵᠠᠷ ᠢ ᠨᠡᠶᠢᠯᠡᠭᠦᠯᠬᠦ᠂ ᠭᠠᠵᠠᠷ ᠰᠢᠷᠣᠢ ︵ᠣᠶᠢᠲᠤ ᠭᠠᠵᠠᠷ︶ | ᠶᠢ ᠡᠷᠬᠢᠯᠳᠦᠭᠦᠯᠬᠦ᠂ ᠠᠷᠠᠳ ᠤᠨ ᠣᠷᠣᠨ ᠰᠠᠭᠤᠴᠠ ᠶᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | 5000 ᠭᠠᠷᠤᠢ ᠤᠯᠠᠨ ᠲᠦᠮᠡᠨ ᠬᠥᠮᠦᠨ ᠳᠤᠮᠳᠠᠴᠢ ᠪᠠᠷ 800 ᠲᠥᠭᠦᠷᠢᠭ ᠤᠨ ᠠᠰᠢᠭ ᠬᠤᠪᠢᠶᠠᠷᠢᠯᠠᠬᠤ ᠶᠢ | ᠪᠡᠶᠡᠯᠡᠭᠦᠯᠵᠦ᠂ ᠱᠠᠳᠤᠴᠢ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠤᠯᠪᠠ᠃ ᠣᠲᠣ ᠨᠢᠭᠡᠨᠲᠡ ᠭᠠᠵᠠᠷ | ᠰᠢᠷᠣᠶ ᠶᠢᠨ ᠬᠤᠷᠰᠢᠶ᠎ᠠ ᠪᠠᠷ ᠳᠠᠮᠵᠢᠭᠤᠯᠤᠨ 0.46 ᠲᠦᠮᠡᠨ ᠮᠥ ᠭᠠᠵᠠᠷ ᠰᠢᠷᠣᠶ ᠶᠢ ᠡᠷᠭᠢᠯᠳᠦᠭᠦᠯᠦᠨ᠂ 350 | ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠬᠥᠳᠡᠯᠮᠦᠷᠢ ᠦᠢᠯᠡᠴᠢᠯᠡᠭᠡᠨ ᠤ ᠬᠤᠷᠰᠢᠶ᠎ᠠ ᠪᠠᠷ | ᠳᠠᠮᠵᠢᠭᠤᠯᠤᠨ 614 ᠬᠥᠮᠦᠨ ᠳᠤ ᠠᠵᠢᠯ ᠣᠯᠭᠤᠵᠤ᠂ ᠵᠢᠯ ᠤᠨ ᠬᠥᠮᠦᠨ ᠳᠤᠮᠳᠠᠴᠢ ᠶᠢᠨ ᠴᠠᠯᠢᠩ ᠨᠢ 6000 | ᠲᠥᠭᠦᠷᠢᠭ ᠪᠣᠯᠤᠨ᠎ᠠ᠃ ᠵᠢᠭᠤᠯᠴᠢᠯᠠᠯ ᠤᠨ ᠬᠤᠷᠰᠢᠶ᠎ᠠ ᠪᠠᠷ ᠳᠠᠮᠵᠢᠭᠤᠯᠤᠨ ᠡᠵᠡᠩᠨᠡᠵᠦ᠂ ᠵᠢᠯ ᠤᠨ ᠠᠰᠢᠭ ᠣᠷᠣᠯᠭ᠎ᠠ | 90 ᠭᠠᠷᠤᠢ ᠲᠦᠮᠡᠨ ᠲᠥᠭᠦᠷᠢᠭ ᠲᠤ ᠬᠦᠷᠪᠡ᠃ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠤᠯᠪᠣᠯᠳᠤᠭᠰᠠᠨ ᠬᠡᠯᠪᠡᠷᠢ ᠶᠢᠨ ᠰᠢᠨ᠎ᠡ ᠶᠢ | ᠡᠭᠦᠳᠴᠦ᠂ ᠦᠷ᠎ᠡ ᠠᠰᠢᠭ ᠢ ᠬᠤᠷᠠᠮᠳᠤᠭᠤᠯᠤᠨ ᠨᠡᠮᠡᠭᠳᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠢ | ᠡᠭᠦᠳᠬᠦ ᠪᠠ ᠠᠰᠢᠭ ᠲᠤᠰᠠ ᠶᠢᠨ ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠤᠳᠤ | ᠦᠶ᠎ᠡ ᠶᠢᠨ ᠬᠥᠳᠡᠭᠡ ᠠᠵᠤ ᠠᠬᠤᠢ ᠦᠨᠡᠨᠬᠦ ᠠᠷᠠᠳ ᠤᠯᠠᠨ ᠤ ︽ᠠᠯᠳᠠᠨ ᠳᠠᠮᠵᠢᠭᠤᠷ︾ ᠪᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠣᠳᠣᠬᠠᠨ ᠳᠤ᠂ ᠪᠥᠬᠦ ᠰᠢᠶᠠᠨ ᠤ 7.5 ᠲᠦᠮᠡᠨ ᠡᠷᠦᠬᠡ ᠶᠢᠨ 17.5 ᠲᠦᠮᠡᠨ ᠬᠥᠮᠦᠨ ᠲᠦᠭᠦᠭᠡᠷᠤᠮᠵᠢᠲᠦ | ᠲᠠᠷᠢᠶᠠᠯᠠᠩ ᠤᠨ ᠦᠢᠯᠡᠳᠪᠦᠷᠢᠯᠡᠯ ᠢ ᠰᠢᠭᠤᠳ ᠪᠤᠶᠤ ᠳᠠᠮ ᠢᠶᠠᠷ ᠡᠷᠭᠢᠯᠡᠬᠦ ᠪᠠᠷ ᠳᠠᠮᠵᠢᠭᠤᠯᠤᠨ ᠣᠷᠣᠯᠭ᠎ᠠ ᠪᠠᠨ | ᠨᠡᠮᠡᠭᠳᠡᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠬᠢᠭᠡᠳ ᠥᠷᠭᠡᠨ ᠣᠯᠠᠨ ᠲᠠᠷᠢᠶᠠᠴᠢᠨ | ᠡᠷᠦᠬᠡ ᠶᠢᠨ ᠠᠰᠢᠭ ᠲᠤᠰᠠ ᠶᠢᠨ ᠬᠤᠯᠪᠣᠯᠳᠤᠬᠤ ᠬᠡᠮᠵᠢᠶ᠎ᠡ ᠶᠢ 95% ᠠᠴᠠ ᠳᠡᠭᠡᠭᠰᠢ ᠳᠤ ᠬᠦᠷᠦᠭᠦᠯᠪᠡ᠃ ᠳᠡᠭᠡᠷ᠎ᠡ | ᠬᠤᠷᠤᠭ᠎ᠠ ᠶᠢᠨ ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ ᠲᠣᠭᠤᠷᠢᠭ 8 ᠲᠣᠰᠬᠤᠨ ᠵᠠᠯᠭᠠᠯᠳᠤᠭᠤᠯᠤᠨ | ᠪᠠᠶᠢᠭᠤᠯᠵᠤ᠂ ᠲᠠᠯᠠᠪᠠᠢ ᠨᠢ 2.8 ᠲᠦᠮᠡᠨ ᠮᠦ ᠳᠤ ᠬᠦᠷᠴᠦ᠂ ᠣᠳᠣ ᠴᠢᠬᠢ ᠲᠠᠷᠢᠬᠤ ᠦᠢᠯᠡᠳᠪᠦᠷᠢ 2᠂ ᠲᠤᠰᠬᠠᠢ | ᠵᠠᠬ᠎ᠠ ᠳᠡᠯᠭᠡᠭᠦᠷ 2᠂ ᠲᠠᠷᠢᠶᠠᠴᠢᠨ ᠤ ᠲᠤᠰᠬᠠᠢ ᠬᠤᠷᠰᠢᠶ᠎ᠠ 22᠂ ᠵᠠᠭᠤᠴᠢᠯᠠᠭᠴᠢ 100 ᠭᠠᠷᠤᠢ ᠪᠠᠶᠢᠨ᠎ᠠ᠃ | ᠲᠥᠪᠡᠳ ᠬᠠᠰᠢ ᠶᠢᠨ ᠦᠢᠯᠡᠳᠪᠦᠷᠢᠯᠡᠯ ᠡᠵᠡᠩᠨᠡᠯᠲᠡ ᠶᠢ ᠰᠢᠭᠤᠳ ᠬᠢᠵᠦ ᠪᠠᠶᠢᠭ᠎ᠠ ᠲᠠᠷᠢᠶᠠᠴᠢᠨ ᠡᠷᠦᠬᠡ 3000 | ᠭᠠᠷᠤᠶ ᠡᠷᠦᠬᠡ᠂ 8000 ᠭᠠᠷᠤᠶ ᠬᠥᠮᠦᠨ ᠪᠠᠶᠢᠵᠤ᠂ ᠡᠷᠦᠬᠡ ᠪᠦᠷᠢ ᠶᠢᠨ ᠳᠤᠮᠳᠠᠴᠢ ᠴᠡᠪᠡᠷ ᠣᠷᠣᠯᠭ᠎ᠠ 10 | ᠲᠦᠮᠡᠨ ᠲᠥᠭᠦᠷᠢᠭ ᠢ ᠳᠠᠪᠠᠵᠤ᠂ ᠬᠥᠮᠦᠨ ᠪᠦᠷᠢ ᠳᠤᠮᠳᠠᠴᠢ ᠪᠠᠷ 3.6 ᠲᠦᠮᠡᠨ ᠲᠥᠭᠦᠷᠢᠭ ᠳᠠᠪᠠᠪᠠ᠃ ᠡᠭᠦᠨ ᠤ | ᠬᠠᠮᠲᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ ᠪᠠᠷ ᠬᠠᠷᠠᠯᠲᠠ | ᠪᠣᠯᠭᠠᠬᠤ ᠶᠢ ᠪᠠᠷᠢᠮᠲᠠᠯᠠᠵᠤ᠂ ᠲᠦᠭᠦᠭᠡᠷᠤᠮᠵᠢᠲᠦ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠤᠶᠤᠨᠴᠢᠯᠠᠭᠰᠠᠨ ᠵᠢᠱᠢᠶ᠎ᠡ ᠦᠵᠡᠭᠦᠯᠬᠦ ᠪᠠᠷ ᠵᠢᠯᠣᠭᠤᠳᠤᠮᠵᠢ ᠪᠣᠯᠭᠠᠵᠤ᠂ ᠪᠥᠬᠦ ᠰᠢᠶᠠᠨ ᠤ ᠰᠢᠶᠠᠩ ᠪᠠᠯᠭᠠᠰᠤ ᠠᠴᠠ | ᠨᠥᠬᠦᠴᠡᠯ ᠳᠤ ᠨᠡᠶᠢᠴᠡᠬᠦ ᠲᠦᠭᠦᠭᠡᠷᠤᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠰᠣᠩᠭᠤᠨ ᠠᠪᠴᠤ | ᠵᠢᠶᠠᠩᠰᠦ ᠶᠢᠨ ᠯᠢᠦᠢ ᠭᠠᠩ ᠤᠨ ︽1X︾ ᠵᠠᠭᠪᠤᠷ᠂ ᠹᠧᠩ ᠺᠧ ᠰᠢᠨᠵᠢᠯᠡᠬᠦ ᠤᠬᠠᠭᠠᠨ ᠮᠡᠷᠭᠡᠵᠢᠯ ᠤᠨ ︽TOF︾ | ︵ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠲᠠᠷᠢᠶᠠᠴᠢᠨ ᠡᠷᠦᠬᠡ︶᠂ ᠤᠯᠠᠭᠠᠨᠬᠠᠳᠠ ᠶᠢᠨ ᠶᠢᠩ ᠬᠤᠸᠠ ︽ | ᠺᠣᠮᠫᠠᠨᠢ ᠶᠢᠨ ᠠᠵᠢᠯ ᠮᠡᠷᠭᠡᠵᠢᠯᠵᠢᠭᠰᠡᠨ ᠲᠠᠷᠢᠶᠠᠴᠢᠳ︾ ᠤᠨ ᠬᠠᠮᠲᠤᠷᠠᠯᠴᠠᠭᠠᠨ ᠤ ᠵᠠᠭᠪᠤᠷ ᠢ ᠡᠬᠢᠯᠡᠭᠦᠯᠵᠦ᠂ | ᠲᠠᠷᠢᠶᠠᠯᠠᠩ ᠤᠨ ᠬᠤᠯᠪᠣᠭᠠᠲᠤ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ |