| ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠭᠡ ᠲᠣᠰᠬᠤᠨ ᠤ | ᠪᠣᠯᠪᠠᠰᠤᠨ ᠰᠤᠷᠲᠠᠯ ᠢ ᠬᠥᠮᠦᠵᠢᠭᠦᠯᠬᠦ ᠶᠢᠨ ᠲᠥᠯᠥᠭᠡ᠂ ᠣᠶᠢᠷ᠎ᠠ ᠳᠤ᠂ ᠶᠡᠭᠡ ᠵᠦᠩ ᠰᠢᠶᠠᠩ ︽ᠯᠸᠢ ᠹᠧᠩ ᠠᠴᠠ | ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ︾ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ | ᠺᠠᠳ᠋ᠷ᠂ ᠵᠠᠯᠠᠭᠤ ᠰᠠᠶᠢᠨ ᠲᠤᠷᠠᠴᠤᠳ᠂ ᠨᠤᠲᠤᠭ ᠤᠨ ᠮᠡᠷᠭᠡᠳ ᠤᠯᠠᠨ ᠲᠦᠮᠡᠨ ᠢ ᠵᠣᠬᠢᠶᠠᠨ ᠪᠠᠶᠢᠭᠤᠯᠤᠨ ᠭᠤᠣᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠯᠸᠢ ᠹᠧᠩ ᠤᠨ ᠵᠣᠷᠢᠭ ᠰᠠᠨᠠᠭ᠎ᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠪᠠ᠃ | ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠰᠤᠷᠲᠠᠯ ᠲᠥᠪ ᠶᠣᠰᠣᠨ ᠤ ᠤᠯᠠᠮᠵᠢᠯᠠᠭᠴᠢ᠃ | ᠶᠡᠭᠡ ᠵᠦᠩ ᠰᠢᠶᠠᠩ ᠤᠨ ᠬᠠᠮᠲᠤᠷᠠᠭᠰᠠᠨ ᠲᠣᠮᠢᠯᠠᠭᠰᠠᠨ ᠰᠠᠯᠪᠤᠷᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠂ | ᠰᠢᠲᠠᠮᠠᠬᠠᠢ ᠬᠡᠢ ᠶᠢᠨ ᠯᠠᠪᠯᠠᠯᠭ᠎ᠠ᠂ ᠭᠠᠯ ᠤᠨᠲᠠᠷᠠᠭᠠᠭᠤᠷ ᠢ ᠬᠡᠷᠡᠭᠯᠡᠬᠦ ᠵᠡᠷᠭᠡ ᠲᠠᠯ᠎ᠠ ᠳᠤ ᠴᠢᠭᠯᠡᠭᠦᠯᠦᠨ ᠬᠠᠷᠢᠶ᠎ᠠ | ᠣᠷᠣᠨ ᠤ ᠳᠣᠲᠣᠷᠠᠬᠢ ᠬᠤᠳᠠᠯᠳᠤᠭᠠᠨ ᠤ ᠫᠦᠰᠡ ᠶᠢ ᠵᠢᠭᠰᠠᠭᠠᠨ ᠪᠠᠶᠢᠴᠠᠭᠠᠬᠤ ᠪᠠ ᠲᠠᠶᠢᠯᠪᠤᠷᠢᠯᠠᠪᠠ᠃ ᠡᠭᠦᠨ ᠤ | ᠬᠠᠮᠲᠤ ᠴᠤᠭᠯᠠᠭ᠎ᠠ ᠮᠠᠶᠢᠮᠠᠶ ᠳᠤ ᠭᠦᠨᠵᠡᠭᠡᠶᠢᠷᠡᠨ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ | ᠲᠠᠯᠠᠪᠤᠷ ᠲᠤ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ | ᠬᠤᠭᠤᠯᠠᠨ ᠰᠢᠷᠡᠭᠡ᠂ ᠬᠤᠤᠷ ᠴᠠᠭᠠᠵᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ | ᠮᠡᠬᠡᠯᠡᠯ ᠢ ᠡᠰᠡᠷᠭᠦᠴᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠭ᠎ᠠ ᠥᠷᠨᠢᠭᠦᠯᠵᠦ᠂ ᠳᠣᠲᠣᠨᠣ ᠦᠢᠯᠡᠴᠢᠯᠡᠭᠡ | ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠡᠭᠦᠳᠡᠨ ᠳᠤ ᠬᠦᠷᠭᠡᠪᠡ᠃ | ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠷᠴᠢᠨ ᠲᠣᠭᠤᠷᠢᠨ ᠢ ᠭᠤᠶᠤᠵᠢᠭᠤᠯᠬᠤ | ᠦᠢᠯᠡᠳᠦᠯᠭᠡᠵᠢᠭᠦᠯᠦᠭᠴᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠷᠭᠡᠨ ᠤᠯᠠᠨ ᠨᠠᠮ ᠤᠨ ᠭᠡᠰᠢᠭᠦᠨ | ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠵᠠᠯᠠᠭᠤᠴᠤᠳ ᠤᠨ ᠡᠪᠯᠡᠯ ᠤᠨ ᠭᠡᠰᠢᠭᠦᠨ ᠢᠳᠡᠪᠬᠢᠲᠡᠢ ᠣᠷᠣᠯᠴᠠᠵᠤ᠂ | ᠰᠦᠷ ᠳᠠᠯᠠᠶᠢᠴᠠᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠠᠢ᠃ ᠣᠯᠠᠨ ᠢᠶᠠᠷ ᠢᠶᠠᠨ ᠱᠦᠭᠦᠷ | ᠂ ᠲᠡᠮᠦᠷ ᠬᠦᠷᠵᠡ᠂ ᠬᠤᠭ ᠨᠣᠪᠰᠢ ᠶᠢᠨ ᠤᠭᠤᠲᠠ ᠵᠡᠷᠭᠡ ᠴᠡᠪᠡᠷᠯᠡᠬᠦ ᠪᠠᠭᠠᠵᠢ ᠬᠡᠷᠡᠭᠰᠡᠯ ᠢᠶᠠᠨ ᠠᠪᠴᠤ᠂ | ᠳᠤᠭᠤᠶᠢᠯᠠᠩ ᠬᠤᠪᠢᠶᠠᠨ ᠬᠠᠷᠢᠶ᠎ᠠ ᠣᠷᠣᠨ ᠤ ᠡᠯ᠎ᠡ ᠥᠨᠴᠥᠭ ᠪᠤᠯᠤᠩ ᠳᠤ ᠵᠤᠯᠭᠠᠷᠠᠭᠰᠠᠨ ᠨᠠᠪᠴᠢ᠂ ᠬᠤᠭ | ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠦ᠂ ᠥᠨᠴᠥᠭ ᠪᠤᠯᠤᠩ ᠦᠯᠡᠳᠡᠬᠡᠯ ᠦᠬᠡᠢ ᠴᠡᠪᠡᠷᠯᠡᠪᠡ᠃ | ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠴᠢ᠃ | ᠶᠡᠭᠡ ᠵᠦᠩ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠳᠣᠲᠣᠷ ᠰᠠᠯᠠᠭ᠎ᠠ᠂ ᠭᠠᠳᠠᠷ ᠡᠮᠨᠡᠯᠭᠡ᠂ ᠬᠢᠲᠠᠳ | ᠡᠮᠨᠡᠯᠭᠡ ᠶᠢᠨ ᠰᠠᠯᠠᠭ᠎ᠠ ᠵᠡᠷᠭᠡ ᠰᠠᠯᠠᠭ᠎ᠠ ᠲᠠᠰᠤᠭ ᠤᠨ ᠲᠤᠰᠬᠠᠶ ᠮᠡᠷᠭᠡᠵᠢᠯ ᠤᠨ ᠡᠮᠴᠢ ᠤᠷᠢᠵᠤ ᠠᠯᠪᠠᠨ ᠵᠢᠷᠤᠮ ᠤᠨ | ᠡᠮᠴᠢᠯᠡᠭᠡᠨ ᠤ ᠪᠦᠯᠬᠦᠮ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠠᠷᠬᠠᠭ ᠡᠪᠡᠳᠴᠢᠨ᠂ ᠵᠢᠷᠦᠬᠡ ᠲᠠᠷᠢᠬᠢᠨ ᠤ | ᠴᠢᠰᠤᠨ ᠰᠤᠳᠠᠯ ᠤᠨ ᠡᠪᠡᠳᠴᠢᠨ ᠵᠡᠷᠭᠡ ᠡᠪᠡᠳᠴᠢᠲᠡᠨ ᠳᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ | ᠬᠡᠮᠵᠢᠬᠦ᠂ B ᠬᠡᠲᠦ ᠳᠣᠯᠭᠢᠶᠠᠨ ᠬᠢᠬᠦ ᠵᠡᠷᠭᠡ ᠪᠡᠶ᠎ᠡ ᠶᠢᠨ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠤᠨ ᠡᠪᠡᠳᠴᠢᠨ | ᠡᠮᠭᠡᠭ ᠢ ᠰᠡᠷᠭᠡᠶᠢᠯᠡᠬᠦ᠂ ᠡᠮᠨᠡᠨ ᠵᠠᠰᠠᠬᠤ ᠪᠠ ᠡᠷᠡᠭᠦᠯᠵᠢᠭᠦᠯᠬᠦ ᠵᠡᠷᠭᠡ ᠲᠠᠯ᠎ᠠ ᠶᠢᠨ ᠠᠰᠠᠭᠤᠳᠠᠯ ᠳᠤ ᠨᠠᠷᠢᠨ ᠨᠢᠮᠪᠠᠶ | ᠬᠠᠷᠢᠭᠤᠯᠲᠠ ᠥᠭᠬᠦ ᠶᠢᠨ ᠬᠠᠮᠲᠤ ᠠᠳᠠᠯᠢ ᠪᠤᠰᠤ ᠰᠠᠭᠤᠭᠠᠯᠢ ᠠᠷᠠᠳ ᠤᠨ ᠡᠪᠡᠳᠴᠢᠨ ᠤ ᠪᠠᠶᠢᠳᠠᠯ ᠳᠤ ᠴᠢᠭᠯᠡᠭᠦᠯᠦᠨ᠂ | ᠵᠦᠶ ᠵᠣᠬᠢᠰᠲᠠᠶ ᠡᠮᠨᠡᠨ ᠵᠠᠰᠠᠬᠤ ᠰᠠᠨᠠᠭᠤᠯᠭ᠎ᠠ ᠪᠠ ᠡᠮ ᠬᠡᠷᠡᠭᠯᠡᠬᠦ ᠵᠢᠯᠣᠭᠤᠳᠣᠯᠭ᠎ᠠ ᠳᠤᠷᠠᠳᠪᠠ᠃ | ᠲᠣᠰ ᠤᠳᠠᠭᠠᠨ ᠤ ᠰᠢᠷᠢᠰ ᠠᠵᠢᠯᠯᠠᠭ᠎ᠠ ᠨᠢ ᠪᠣᠯᠪᠠᠰᠤᠨ ᠤ ᠰᠠᠭᠤᠷᠢ ᠶᠢ ᠭᠡᠷᠡᠯᠲᠦᠭᠦᠯᠦᠭᠰᠡᠨ ᠢᠶᠠᠷ ᠪᠠᠷᠠᠬᠤ ᠥᠬᠡᠶ | ᠨᠠᠩ ᠴᠤ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠶᠡᠭᠡ ᠵᠦᠩ ᠰᠢᠶᠠᠩ ︽ᠯᠸᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ | ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ | ᠪᠣᠯᠭᠠᠬᠤ᠂ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠦᠷ᠎ᠡ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠮᠡᠯᠢᠭ ᠬᠥᠷᠥᠰᠥᠨ ᠳᠤ ᠦᠨᠳᠦᠰᠦᠯᠡᠭᠦᠯᠦᠨ ᠰᠣᠶᠣᠭᠠᠯᠠᠭᠤᠯᠤᠨ᠎ᠠ᠃ | | | | |