ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/6
     ᠮᠢᠬᠠᠨ ᠤ ᠲᠥᠷᠥᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠣᠷᠴᠢᠨ ᠲᠣᠭᠤᠷᠢᠨ ᠢ ᠤᠯᠠᠮ ᠨᠢᠭᠡ ᠠᠯᠬᠤᠮ ᠬᠠᠮᠠᠭᠠᠯᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠠᠴᠠ ᠰᠢᠯᠭᠠᠨ ᠪᠠᠶᠢᠴᠠᠭᠠᠯᠲᠠ ᠬᠢᠭᠰᠡᠨ ᠦᠭᠡᠶ ᠪᠤᠶᠤ ᠬᠢᠷᠢ ᠲᠡᠩᠴᠡᠭᠰᠡᠨ ᠦᠨᠡᠮᠯᠡᠯ ᠳᠠᠭᠠᠯᠳᠤᠭᠤᠯᠤᠭᠰᠠᠨ ᠦᠭᠡᠶ ᠮᠢᠬᠠᠨ ᠤ ᠵᠦᠢᠯ᠂ ᠢᠷᠡᠯᠲᠡ ᠨᠢ ᠲᠣᠳᠣᠷᠬᠠᠶ ᠦᠭᠡᠶ ᠮᠢᠬᠠᠨ ᠤ ᠵᠦᠢᠯ ᠢ ᠬᠤᠳᠠᠯᠳᠤᠨ ᠠᠪᠬᠤ᠂ ᠬᠡᠷᠡᠭᠯᠡᠬᠦ ᠪᠤᠶᠤ ᠪᠣᠷᠣᠯᠠᠭᠤᠯᠬᠤ᠂ ᠬᠢᠵᠢᠭ ᠤᠨ ᠪᠠᠶᠢᠴᠠᠭᠠᠯᠲᠠ ᠬᠢᠭᠰᠡᠨ ᠦᠭᠡᠶ ᠪᠤᠶᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠶ ᠮᠢᠬᠠᠨ ᠤ ᠵᠦᠢᠯ ᠢ ᠬᠤᠳᠠᠯᠳᠤᠨ ᠠᠪᠬᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠳᠠᠯᠳᠤᠨ ᠠᠪᠬᠤ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠬᠤ᠂ ᠠᠵᠢᠯᠯᠠᠵᠤ ᠪᠠᠶᠢᠭ᠎ᠠ ᠬᠥᠮᠦᠰ ᠡᠷᠡᠭᠦᠯ ᠮᠡᠨᠳᠦ ᠶᠢᠨ ᠬᠦᠴᠦᠨ ᠪᠦᠬᠦᠢ ᠭᠡᠷᠡᠴᠢ ᠵᠢᠴᠢ ᠮᠢᠬᠠᠨ ᠤ ᠵᠦᠢᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠨᠥᠬᠦᠴᠡᠯ᠂ ᠬᠥᠯᠳᠡᠭᠡᠵᠦ ᠬᠠᠳᠠᠭᠠᠯᠠᠬᠤ ᠪᠡᠯᠡᠳᠬᠡᠮᠵᠢ᠂ ᠳᠤᠯᠠᠭᠠᠨ ᠤ ᠬᠡᠮᠵᠢᠶ᠎ᠡ ᠶᠢ ᠡᠵᠡᠮᠳᠡᠬᠦ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ ᠢᠳᠡᠪᠬᠢᠲᠡᠶ ᠪᠠᠷ ᠤᠬᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠠᠤᠯᠢ ᠲᠣᠭᠲᠠᠭᠠᠯ ᠶᠣᠰᠣᠭᠠᠷ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠪᠡᠶᠡᠯᠡᠭᠦᠯᠵᠦ᠂ ᠪᠠᠷᠠᠭ᠎ᠠ ᠣᠷᠣᠭᠤᠯᠬᠤ᠂ ᠪᠣᠷᠣᠯᠠᠭᠤᠯᠬᠤ᠂ ᠬᠠᠳᠠᠭᠠᠯᠠᠬᠤ᠂ ᠡᠳ᠋ᠰᠢᠭᠦᠯᠬᠦ ᠵᠡᠷᠭᠡ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠳᠡᠵᠦ᠂ ᠬᠢᠷᠢ ᠲᠡᠩᠴᠡᠬᠦ ᠥᠬᠡᠶ ᠮᠢᠬᠠᠨ ᠤ ᠵᠦᠢᠯ ᠵᠢᠴᠢ ᠲᠡᠭᠦᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠪᠡ᠃    ᠣᠳᠣᠬᠠᠨ ᠪᠣᠯᠲᠠᠯ᠎ᠠ᠂ ᠮᠢᠬᠠᠨ ᠤ ᠲᠥᠷᠥᠯ ᠢ ᠡᠵᠡᠩᠨᠡᠵᠦ ᠡᠳ᠋ᠰᠢᠭᠦᠯᠬᠦ 56 ᠨᠢᠭᠡᠴᠡ ᠶᠢ ᠪᠠᠶᠢᠴᠠᠭᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠲᠦᠷ ᠢᠯᠡᠷᠡᠭᠰᠡᠨ ᠥᠬᠡᠶ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠵᠤᠶᠢᠯ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠳᠠᠪᠲᠠᠮᠵᠢ ᠤᠳᠠᠭ᠎ᠠ ᠪᠠ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠢᠬᠠᠨ ᠤ ᠵᠤᠶᠢᠯ ᠤᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠥᠬᠦ ᠰᠢᠶᠠᠨ ᠤ ᠮᠢᠬᠠᠨ ᠤ ᠵᠤᠶᠢᠯ ᠤᠨ ᠦᠢᠯᠡᠳᠭᠦᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号