| ᠨᠢᠭᠡ ᠳᠤ ᠣᠷᠭᠠᠨᠢᠭ ᠪᠣᠷᠳᠣᠭᠤᠷ ᠨᠡᠮᠡᠵᠦ ᠣᠷᠣᠭᠤᠯᠪᠠ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠣᠮᠣ | ᠰᠢᠶᠠᠨ ᠤ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠪᠠᠶᠠᠯᠢᠭᠵᠢᠭᠤᠯᠬᠤ ᠠᠰᠢᠭᠲᠠᠶ ᠳᠠᠪᠠᠭᠤᠯᠢᠭ ᠢ ᠭᠦᠢᠴᠡᠳ | ᠠᠰᠢᠭᠯᠠᠨ᠂ ᠲᠠᠷᠢᠶᠠᠴᠢᠨ ᠡᠷᠦᠬᠡ ᠶᠢᠨ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠶᠢ ᠵᠤᠷᠢᠭᠵᠢᠭᠤᠯᠪᠠ᠃ | ᠲᠠᠷᠢᠶᠠᠴᠢᠨ ᠡᠷᠦᠬᠡ ᠳᠤ ᠨᠠᠮᠤᠷ ᠭᠠᠵᠠᠷ ᠤᠷᠪᠠᠭᠤᠯᠬᠤ ᠠᠴᠠ ᠡᠮᠦᠨ᠎ᠡ ᠴᠢᠨᠠᠷ ᠰᠠᠶᠢᠲᠠᠶ ᠪᠤᠷᠳᠤᠭᠤᠷ ᠢ ᠭᠠᠵᠠᠷ ᠤᠨ | ᠭᠠᠳᠠᠷᠭᠤ ᠳᠤ ᠵᠢᠭᠳᠡ ᠰᠠᠴᠤᠬᠤ ᠶᠢ ᠰᠠᠨᠠᠭᠠᠴᠢᠯᠠᠵᠤ᠂ ᠬᠡᠷᠡᠭᠯᠡᠬᠦ ᠬᠡᠮᠵᠢᠶ᠎ᠡ ᠨᠢ 2000 ᠺᠢᠯᠣᠭ᠍ᠷᠠᠮ / ᠮᠦ ᠠᠴᠠ | ᠳᠡᠭᠡᠭᠰᠢ ᠳᠤ ᠬᠦᠷᠴᠦ᠂ ᠳᠠᠷᠠᠭ᠎ᠠ ᠨᠢ ᠬᠥᠷᠥᠰᠥᠨ ᠳᠤ ᠡᠷᠭᠢᠯᠳᠦᠭᠦᠯᠦᠨ ᠲᠠᠷᠢᠵᠤ᠂ ᠬᠥᠷᠥᠰᠥ ᠰᠢᠷᠣᠶ ᠶᠢᠨ ᠰᠢᠮ᠎ᠡ | ᠲᠡᠵᠢᠭᠡᠯ ᠢ ᠭᠦᠢᠴᠡᠳ ᠰᠢᠩᠭᠡᠭᠡᠨ ᠠᠪᠬᠤ ᠶᠢ ᠦᠨᠡᠨᠬᠦ ᠪᠠᠲᠤᠯᠠᠪᠠ᠃ | ᠬᠤᠶᠠᠷ ᠲᠤ ᠡᠰᠢ ᠰᠦᠷᠡᠯ ᠢ ᠬᠡᠮᠬᠡᠯᠦᠨ ᠳᠠᠷᠤᠵᠤ ᠲᠠᠷᠢᠶᠠᠨ ᠳᠤ ᠣᠷᠣᠭᠤᠯᠪᠠ᠃ ᠨᠠᠮᠤᠷ ᠤᠨ ᠤᠯᠠᠷᠢᠯ ᠤᠨ | ᠲᠠᠷᠢᠮᠠᠯ ᠬᠠᠳᠤᠬᠤ ᠦᠶ᠎ᠡ ᠳᠤ᠂ ᠬᠠᠳᠤᠵᠤ ᠬᠤᠷᠢᠶᠠᠬᠤ ᠬᠠᠮ ᠮᠠᠰᠢᠨ ᠢᠶᠠᠷ ᠬᠤᠷᠢᠶᠠᠬᠤ ᠶᠢᠨ ᠳᠠᠭᠠᠤ ᠡᠰᠢ ᠰᠦᠷᠡᠯ ᠢ | ᠬᠡᠮᠬᠡᠯᠵᠦ᠂ ᠬᠡᠮᠬᠡᠯᠦᠭᠰᠡᠨ ᠤ ᠳᠠᠷᠠᠭᠠᠬᠢ ᠡᠰᠢ ᠰᠦᠷᠡᠯ ᠤᠨ ᠤᠷᠲᠤ ᠶᠢᠨ ᠬᠡᠮᠵᠢᠶ᠎ᠡ ᠨᠢ 10cm ᠠᠴᠠ ᠪᠠᠭ᠎ᠠ ᠪᠠᠶᠢᠵᠤ | ᠂ ᠭᠤᠤᠷᠰᠤᠨ ᠤ ᠥᠨᠳᠥᠷ ᠨᠢ 5cm ᠠᠴᠠ ᠪᠠᠭ᠎ᠠ ᠪᠠᠶᠢᠳᠠᠭ᠃ ᠡᠭᠦᠨ ᠤ ᠬᠠᠮᠲᠤ᠂ ᠲᠣᠮᠣ ᠬᠡᠯᠪᠡᠷᠢ ᠶᠢᠨ | ᠲᠠᠷᠢᠶᠠᠯᠠᠬᠤ ᠮᠠᠰᠢᠨ ᠢᠶᠠᠷ ᠭᠦᠨ ᠬᠠᠭᠠᠯᠪᠤᠷᠢᠯᠠᠬᠤ ᠠᠵᠢᠯ ᠬᠢᠵᠦ᠂ ᠬᠠᠭᠠᠯᠪᠤᠷᠢᠯᠠᠬᠤ ᠭᠦᠨᠴᠡ ᠨᠢ 25cm ᠠᠴᠠ | ᠳᠡᠭᠡᠭᠰᠢ ᠪᠠᠶᠢᠵᠤ᠂ ᠡᠰᠢ ᠰᠦᠷᠡᠯ ᠢ ᠪᠦᠬᠦᠨ ᠢ ᠰᠢᠷᠣᠶ ᠶᠢᠨ ᠳᠣᠲᠣᠷ᠎ᠠ ᠤᠷᠪᠠᠭᠤᠯᠤᠨ ᠴᠢᠩᠭ᠎ᠠ ᠳᠠᠷᠤᠵᠤ᠂ ᠠᠯᠢ | ᠴᠢᠳᠠᠬᠤ ᠪᠠᠷ ᠬᠥᠷᠥᠰᠥᠨ ᠤ ᠰᠦᠷᠡᠯ ᠤᠨ ᠬᠡᠮᠵᠢᠶ᠎ᠡ ᠶᠢ ᠪᠠᠭᠠᠰᠬᠠᠪᠠ᠃ | ᠭᠤᠷᠪᠠ ᠳᠤ ᠬᠥᠷᠥᠰᠥ ᠰᠢᠷᠤᠶ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠪᠠ᠃ ᠰᠢᠮ᠎ᠡ ᠲᠡᠵᠢᠭᠡᠯ ᠤᠨ | ᠶᠡᠷᠦᠩᠬᠡᠶᠢᠯᠡᠭᠰᠡᠨ ᠬᠠᠮᠢᠶᠠᠷᠤᠯᠲᠠ ᠶᠢ ᠴᠢᠩᠭᠠᠷᠠᠭᠤᠯᠤᠨ᠂ ᠲᠠᠷᠢᠶᠠᠴᠢᠳ ᠢ ᠵᠢᠯᠣᠭᠤᠳᠤᠨ ︽ᠬᠤᠯᠢᠮᠠᠭ ᠪᠣᠷᠳᠣᠭᠤᠷ | ᠰᠠᠭᠤᠷᠢ ᠪᠣᠷᠳᠣᠭᠤᠷ+ ᠵᠢᠵᠢᠭ ᠪᠣᠷᠳᠣᠭᠤᠷ ᠪᠣᠷᠳᠣᠭᠤᠷ ᠨᠡᠮᠡᠭᠦᠯᠬᠦ︾ ︽ᠰᠢᠮ᠎ᠡ ᠲᠡᠵᠢᠭᠡᠯ ᠤᠨ ᠢᠵᠢ ᠬᠤᠭᠤᠯᠠ︾ | ᠮᠠᠶ᠋ᠢᠭ ᠤᠨ ᠨᠠᠶᠢᠷᠠᠯᠭ᠎ᠠ ᠲᠠᠢ ᠪᠣᠷᠳᠣᠭᠤᠷ ᠭᠡᠷᠩᠯᠡᠭᠦᠯᠪᠡ᠃ 2024 ᠣᠨ ᠳᠤ ᠬᠥᠷᠥᠰᠥ ᠰᠢᠷᠣᠶ ᠶᠢ ᠬᠡᠮᠵᠢᠵᠦ | ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠲᠠᠯᠠᠪᠠᠢ ᠶᠢ 155.5 ᠲᠦᠮᠡᠨ ᠮᠦ ᠪᠡᠶᠡᠯᠡᠭᠦᠯᠵᠦ᠂ ᠬᠥᠷᠥᠰᠥ ᠰᠢᠷᠣᠶ ᠶᠢ | ᠬᠡᠮᠵᠢᠵᠦ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ 92% ᠠᠴᠠ | ᠳᠡᠭᠡᠭᠰᠢ ᠳᠤ ᠬᠦᠷᠭᠡᠪᠡ᠃ | ᠳᠥᠷᠪᠡ ᠳᠤ ᠭᠤᠷᠪᠠᠨ ᠰᠢᠨ᠎ᠡ ᠮᠡᠷᠭᠡᠵᠢᠯ ᠤᠨ ᠳᠡᠯᠭᠡᠷᠡᠭᠦᠯᠦᠯᠲᠡ ᠶᠢ ᠴᠢᠩᠭᠠᠳᠬᠠᠪᠠ᠃ ᠬᠤᠶᠠᠷ ᠵᠢᠯ ᠳᠠᠷᠠᠭᠠᠯᠠᠨ | ᠭᠠᠩ ᠬᠠᠭᠤᠷᠠᠢ ᠲᠠᠷᠢᠶᠠᠨ ᠭᠠᠵᠠᠷ ᠢ ᠭᠦᠨ ᠰᠣᠯᠠᠷᠠᠭᠤᠯᠬᠤ+ ᠤᠰᠤ ᠬᠠᠳᠠᠭᠠᠯᠠᠬᠤ ᠡᠮ+ ᠨᠢᠭᠡ ᠤᠳᠠᠭ᠎ᠠ ᠶᠢᠨ | ᠴᠢᠨᠠᠷᠲᠠᠢ ᠪᠠᠷ ᠲᠡᠰ ᠬᠤᠪᠢᠶᠠᠨ ᠪᠤᠷᠳᠤᠭᠤᠷ ᠣᠷᠣᠭᠤᠯᠬᠤ ᠮᠡᠷᠭᠡᠵᠢᠯ ᠤᠨ ᠵᠠᠭᠪᠤᠷ ᠤᠨ ᠲᠤᠷᠰᠢᠯᠲᠠ ᠶᠢ ᠥᠷᠨᠢᠭᠦᠯᠵᠦ᠂ | ᠬᠥᠷᠥᠰᠥ ᠰᠢᠷᠣᠢ ᠶᠢᠨ ᠬᠡᠢ ᠨᠡᠪᠲᠡᠷᠡᠬᠦ ᠴᠢᠨᠠᠷ ᠢ ᠨᠡᠮᠡᠭᠳᠡᠭᠦᠯᠬᠦ᠂ ᠤᠰᠤ ᠠᠯᠳᠠᠭᠳᠠᠬᠤ ᠪᠠ ᠬᠡᠲᠦᠷᠡᠲᠡᠯ᠎ᠡ ᠪᠤᠷᠳᠤᠭᠤᠷ | ᠣᠷᠣᠭᠤᠯᠬᠤ ᠨᠢ ᠬᠥᠷᠥᠰᠥ ᠰᠢᠷᠣᠢ ᠳᠤ ᠪᠤᠢ ᠪᠣᠯᠤᠭᠰᠠᠨ ᠰᠢᠮ᠎ᠡ ᠲᠡᠵᠢᠭᠡᠯ ᠲᠡᠩᠴᠡᠭᠦᠷᠢ ᠪᠠᠨ ᠠᠯᠳᠠᠬᠤ ᠵᠡᠷᠭᠡ | ᠠᠰᠠᠭᠤᠳᠠᠯ ᠢ ᠰᠡᠷᠭᠡᠶᠢᠯᠡᠵᠦ᠂ ᠬᠥᠷᠥᠰᠥ ᠰᠢᠷᠣᠢ ᠶᠢ ᠤᠰᠤ᠂ ᠪᠣᠷᠳᠣᠭᠤᠷ᠂ ᠬᠡᠢ ᠵᠡᠷᠭᠡ ᠡᠯ᠎ᠡ ᠵᠦᠢᠯ ᠤᠨ ᠡᠬᠢ | ᠪᠠᠶᠠᠯᠢᠭ ᠢ ᠨᠡᠩ ᠥᠨᠳᠥᠷ ᠪᠦᠲᠦᠮᠵᠢᠲᠡᠢ ᠠᠰᠢᠭᠯᠠᠪᠠ᠃ ᠡᠷᠳᠡᠨᠢ ᠰᠢᠰᠢ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠠᠯᠭᠤᠷ ᠵᠠᠳᠠᠷᠠᠭᠤᠯᠬᠤ ᠪᠣᠷᠲᠣᠭᠤᠷ ᠢ ᠬᠠᠷᠢᠴᠠᠭᠤᠯᠬᠤ ᠲᠤᠷᠰᠢᠯᠲᠠ ᠶᠢ 2 ᠥᠷᠨᠢᠭᠦᠯᠵᠦ᠂ ᠡᠷᠳᠡᠨᠢ | ᠰᠢᠰᠢ᠂ ᠰᠢᠰᠢ ᠶᠢᠨ ᠤᠰᠤ ᠬᠠᠮᠠᠭᠠᠯᠠᠬᠤ ᠡᠮ ᠢ ᠬᠠᠷᠢᠴᠠᠭᠤᠯᠬᠤ ᠲᠤᠷᠰᠢᠯᠲᠠ ᠶᠢᠨ ᠴᠡᠭ ᠢ 2 ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠰᠢᠽᠢ ᠪᠠᠯᠭᠠᠰᠤᠨ ᠳᠤ ᠰᠢᠨ᠎ᠡ ᠬᠡᠯᠪᠡᠷᠢ ᠶᠢᠨ | ᠪᠤᠷᠳᠤᠭᠤᠷ ᠢ ᠰᠢᠯᠢᠨ ᠰᠣᠩᠭᠤᠵᠤ ᠰᠢᠯᠢᠳᠡᠭ ᠢ ᠨᠢ ᠰᠣᠩᠭᠤᠵᠤ ᠲᠠᠷᠢᠶᠠᠯᠠᠩ ᠢ ᠲᠤᠰᠠᠯᠠᠬᠤ ᠠᠵᠢᠯᠯᠠᠭ᠎ᠠ ᠦᠷᠨᠢᠭᠦᠯᠪᠡ | ᠃ ︽ᠴᠢᠬᠢ ᠶᠢ ᠦᠵᠡᠵᠦ ᠪᠤᠷᠳᠤᠭᠤᠷ ᠢ ᠰᠣᠩᠭᠤᠬᠤ︾ ᠲᠠᠷᠢᠶᠠᠨ ᠭᠠᠵᠠᠷ ᠤᠨ ᠪᠤᠷᠳᠤᠭᠤᠷ ᠤᠨ ᠦᠷ᠎ᠡ ᠠᠰᠢᠭ ᠤᠨ | ᠲᠤᠷᠰᠢᠯᠲᠠ 1 ᠥᠷᠨᠢᠭᠦᠯᠪᠡ᠃ | |