| ᠨᠢᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠴᠢᠩᠭᠠᠳᠬᠠᠵᠤ᠂ ᠨᠢᠩᠴᠧᠩ ᠰᠢᠶᠠᠨ ᠪᠣᠳᠠᠲᠤ | ᠴᠣᠭᠴᠠ ᠶᠢᠨ ᠠᠵᠤ ᠠᠬᠤᠶᠢᠯᠠᠯ ᠳᠤ ᠬᠠᠨᠳᠤᠭᠤᠯᠤᠭᠰᠠᠨ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠡᠶᠢᠲᠡᠯᠡᠵᠦ᠂ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠡᠳ᠋ ᠤᠨ ᠵᠠᠰᠠᠭ ᠤᠨ ᠨᠥᠬᠦᠪᠥᠷᠢ ᠥᠭᠬᠦ ᠵᠡᠷᠭᠡ ᠶᠢ | ᠬᠠᠮᠤᠷᠴᠤ᠂ ᠠᠵᠤ ᠠᠬᠤᠶᠢᠯᠠᠯ ᠤᠨ ᠳᠠᠷᠤᠭᠠᠰᠦ ᠶᠢ ᠬᠥᠩᠭᠡᠯᠡᠪᠡ᠃ ᠠᠵᠤ ᠦᠢᠯᠡᠰ ᠤᠨ ᠤᠳᠤᠷᠢᠳᠤᠮᠵᠢ ᠳᠤ | ᠨᠡᠶᠢᠴᠡᠭᠰᠡᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠶᠢ | ᠬᠠᠮᠤᠭ ᠤᠨ ᠠᠷᠪᠢᠨ ᠳᠤ ᠪᠠᠨ 500 ᠲᠦᠮᠡᠨ ᠲᠥᠭᠦᠷᠢᠭ ᠣᠯᠭᠤᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠵᠤᠷᠢᠭᠵᠢᠭᠤᠯᠪᠠ᠃ ᠡᠭᠦᠨ ᠤ ᠬᠠᠮᠲᠤ᠂ ᠵᠠᠰᠠᠭ ᠪᠠᠩᠬᠢ | ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠨᠡ ᠵᠢᠯ ᠨᠢᠭᠡᠨᠲᠡ ᠠᠵᠤ ᠠᠬᠤᠶᠢᠯᠠᠯ ᠢ | ᠬᠠᠪᠰᠤᠷᠤᠨ 15 ᠳ᠋ᠦᠩᠰᠢᠭᠤᠷ ᠲᠥᠭᠦᠷᠢᠭ ᠤᠨ ᠵᠢᠭᠡᠯᠡᠯᠭᠡ ᠤᠯᠭᠤᠵᠠᠢ᠃ | ᠨᠥᠭᠦᠭᠡ ᠲᠠᠯ᠎ᠠ ᠪᠠᠷ ᠲᠥᠷᠥᠯ ᠵᠦᠢᠯ ᠢ ᠠᠬᠢᠭᠤᠯᠬᠤ ᠶᠢ ᠲᠦᠷᠭᠡᠳᠬᠡᠵᠦ᠂ ︽ᠲᠥᠷᠥᠯ ᠵᠦᠢᠯ ᠢᠶᠠᠷ ᠭᠤᠤᠯ | ᠪᠣᠯᠭᠠᠬᠤ︾ ᠣᠨᠣᠯᠵᠢᠬᠤᠨ ᠢ ᠪᠠᠷᠢᠮᠲᠠᠯᠠᠨ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠳᠤ ︽ | ᠨᠢᠭᠡᠳ ᠨᠢᠭᠡ ᠪᠠᠷ ᠳᠠᠭᠠᠭᠠᠨ ᠠᠪᠬᠤ︾ ᠨᠠᠷᠢᠯᠢᠭ ᠣᠨᠣᠴᠠᠲᠠᠶ ᠪᠠᠷ ᠦᠢᠯᠡᠴᠢᠯᠡᠭᠡ ᠶᠢ ᠬᠡᠷᠩᠵᠢᠬᠦᠯᠪᠡ᠃ ᠵᠦᠩ | ᠲᠠᠩ ᠣᠨᠴᠠᠭᠠᠢ ᠪᠤᠯᠤᠳ ᠲᠡᠮᠤᠷ ᠤᠨ ᠺᠣᠮᠫᠠᠨᠢ᠂ ᠴᠢᠨ ᠹᠧᠩ ᠬᠡᠢ ᠪᠡᠶᠡᠲᠦ᠂ ᠬᠤᠸᠠ ᠾᠧᠩ ᠠᠮᠢᠳᠤ ᠪᠣᠳᠠᠰ ᠵᠡᠷᠭᠡ | ᠭᠤᠣᠯᠳᠠᠯᠭ᠎ᠠ ᠲᠠᠢ ᠠᠵᠤ ᠠᠬᠤᠶᠢᠯᠠᠯ ᠴᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠣᠣᠷ᠎ᠠ ᠲᠤᠬᠲᠠᠭᠤᠨ | ᠠᠵᠢᠯᠯᠠᠨ᠎ᠠ᠃ ᠠᠢ ᠮᠦ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠨᠡᠮᠡᠯᠲᠡ ᠡᠳ᠋᠂ ᠰᠢᠩ ᠮᠧᠶ ᠰᠢᠨᠵᠢᠯᠡᠬᠦ | ᠤᠬᠠᠭᠠᠨ ᠮᠡᠷᠭᠡᠵᠢᠯ ᠤᠨ ᠬᠥᠪᠰᠥᠭᠡᠷ ᠰᠢᠷᠣᠶ ᠶᠢ ᠭᠦᠨᠵᠡᠭᠡᠶ ᠡᠳ᠋ᠰᠢᠭᠦᠯᠬᠦ ᠵᠡᠷᠭᠡ ᠲᠥᠷᠥᠯ ᠵᠦᠢᠯ ᠢ ᠨᠢᠭᠡᠨᠲᠡ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠪᠡ᠃ | ᠣᠳᠣᠬᠠᠨ ᠪᠣᠯᠲᠠᠯ᠎ᠠ᠂ ᠨᠢᠩᠴᠧᠩ ᠰᠢᠶᠠᠨ ᠤ ᠵᠢᠱᠢᠯᠲᠡ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 231 ᠳ᠋ᠦᠩᠰᠢᠭᠤᠷ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠵᠦ᠂ ᠨᠡᠮᠡᠭᠳᠡᠯ ᠦᠷᠳᠡᠭ ᠤᠨ ᠨᠡᠮᠡᠭᠳᠡᠯ ᠤᠨ | ᠬᠤᠷᠳᠤᠴᠠ 19.2% ᠲᠤ ᠬᠦᠷᠴᠡᠢ᠃ |