| ᠨᠢᠭᠡ ᠳᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ︽ᠨᠣᠭᠤᠭ᠎ᠠ ᠵᠢᠮᠢᠰ | ᠦᠬᠡᠷ︾ ᠤᠨ ᠭᠤᠷᠪᠠᠨ ᠶᠡᠭᠡ ᠲᠤᠯᠭᠠᠭᠤᠷᠢ ᠠᠵᠤ ᠦᠢᠯᠡᠰ ᠢ ᠶᠡᠬᠡᠪᠡᠷ ᠬᠥᠭᠵᠢᠭᠦᠯᠪᠡ᠃ ᠲᠥᠬᠦᠭᠡᠷᠦᠮᠵᠢᠲᠦ | ᠲᠠᠷᠢᠶᠠᠯᠠᠩ ᠦᠷᠭᠦᠯᠵᠢᠯᠡᠨ ᠪᠤᠵᠠᠭᠠᠶᠢᠷᠠᠵᠤ᠂ ᠡᠨᠡ ᠵᠢᠯ ᠲᠥᠬᠦᠭᠡᠷᠦᠮᠵᠢᠲᠦ ᠲᠠᠷᠢᠶᠠᠯᠠᠩ ᠢ 4 ᠲᠦᠮᠡᠨ ᠮᠦ ᠰᠢᠨ᠎ᠡ ᠪᠠᠷ | ᠥᠭᠡᠷᠡᠴᠢᠯᠡᠨ ᠰᠠᠶᠢᠵᠢᠷᠠᠭᠤᠯᠪᠠ᠃ ᠲᠠᠷᠢᠶᠠᠴᠢᠨ ᠡᠷᠦᠬᠡ ᠶᠢᠨ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ | ᠵᠠᠰᠠᠭ ᠤᠨ ᠣᠷᠳᠣᠨ ᠠᠴᠠ ᠮᠦ ᠪᠦᠷᠢ ᠳᠤ 2000 ᠲᠥᠭᠦᠷᠢᠭ ᠤᠨ ᠨᠥᠬᠦᠪᠥᠷᠢ ᠣᠯᠭᠤᠵᠤ᠂ ᠪᠠᠩᠬᠢ ᠶᠢ | ᠵᠣᠬᠢᠴᠠᠭᠤᠯᠤᠨ ᠠᠵᠤ ᠦᠢᠯᠡᠰ ᠤᠨ ᠵᠢᠭᠡᠯᠡᠯᠭᠡ ᠶᠢ 8 ᠳ᠋ᠦᠩᠰᠢᠭᠤᠷ ᠲᠥᠭᠦᠷᠢᠭ ᠬᠠᠩᠭᠠᠪᠠ᠃ ᠮᠡᠷᠭᠡᠵᠢᠯ ᠤᠨ | ᠲᠤᠯᠭᠠᠭᠤᠷᠢᠯᠠᠯ ᠤᠨ ᠲᠠᠯ᠎ᠠ ᠪᠠᠷ᠂ ᠣᠷᠣᠨ ᠤ ᠳᠣᠲᠣᠷ᠎ᠠ ᠭᠠᠳᠠᠨᠠᠬᠢ ᠣᠯᠠᠨ ᠶᠡᠭᠡ ᠳᠡᠭᠡᠳᠦ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠭᠦᠨᠵᠡᠭᠡᠶ ᠬᠠᠮᠲᠤᠷᠠᠯᠴᠠᠵᠤ᠂ 6 ᠵᠢᠭᠠᠨ ᠰᠤᠷᠭᠠᠯᠲᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ 3000 ᠭᠠᠷᠤᠶ ︽ᠨᠤᠲᠤᠭ ᠤᠨ | ᠮᠡᠷᠭᠡᠵᠢᠯᠲᠡᠨ︾᠂ ︽ᠲᠠᠷᠢᠶᠠᠯᠠᠩ ᠤᠨ ᠴᠢᠳᠠᠪᠤᠷᠢᠲᠠᠨ︾ ᠢ ᠬᠥᠮᠦᠵᠢᠭᠦᠯᠵᠡᠶ᠃ ᠪᠥᠬᠦ ᠰᠢᠶᠠᠨ ᠤ ᠲᠥᠬᠦᠭᠡᠷᠦᠮᠵᠢᠲᠦ | ᠲᠠᠷᠢᠶᠠᠯᠠᠩ ᠤᠨ ᠶᠡᠷᠦᠩᠬᠡᠶ ᠲᠠᠯᠠᠪᠠᠶ ᠨᠢᠭᠡᠨᠲᠡ 53 ᠲᠦᠮᠡᠨ ᠮᠥ ᠳᠤ ᠬᠦᠷᠴᠦ᠂ ᠣᠯᠠᠨ ᠣᠨᠴᠠᠯᠢᠭᠲᠤ ᠲᠠᠷᠢᠮᠠᠯ ᠤᠨ | ᠣᠷᠣᠨ ᠪᠦᠰᠡ ᠶᠢ ᠪᠣᠶ ᠪᠣᠯᠭᠠᠪᠠ᠃ | ᠬᠤᠶᠠᠷ ᠲᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠲᠠᠯ᠎ᠠ ᠪᠠᠷ᠂ ᠲᠠᠷᠢᠶᠠᠯᠠᠩ ᠤᠨ | ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠴᠢᠯᠡᠭᠰᠡᠨ ᠬᠥᠭᠵᠢᠯᠲᠡ ᠶᠢ ᠢᠳᠡᠪᠬᠢᠲᠡᠶ ᠠᠬᠢᠭᠤᠯᠪᠠ᠃ ᠪᠣᠬᠢᠷᠲᠤᠯ | ᠥᠬᠡᠶ ᠢᠳᠡᠭᠡᠨ ᠪᠠ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 5 | ᠰᠢᠨ᠎ᠡ ᠪᠠᠷ ᠨᠡᠮᠡᠭᠳᠡᠭᠦᠯᠵᠦ᠂ ︽ᠨᠢᠩᠴᠧᠩ ᠤᠨ ᠵᠢᠮᠢᠰ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠶᠢ ᠠᠮᠵᠢᠯᠲᠠ ᠲᠠᠢ ᠪᠠᠷ ᠳᠠᠩᠰᠠᠯᠠᠭᠤᠯᠬᠤ ᠶᠢᠨ ᠬᠠᠮᠲᠤ ᠨᠡᠶᠢᠲᠡᠯᠡᠪᠡ᠃ ᠲᠣᠮᠣ | ᠬᠡᠯᠪᠡᠷᠢ ᠶᠢᠨ ᠵᠠᠬ᠎ᠠ ᠳᠡᠯᠭᠡᠭᠦᠷ ᠪᠠ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠷ ᠳᠠᠮᠵᠢᠭᠤᠯᠤᠨ᠂ ᠲᠠᠷᠢᠶᠠᠯᠠᠩ ᠤᠨ | ᠪᠦᠲᠦᠭᠡᠭᠳᠡᠬᠦᠨ ᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠡᠭᠡᠵᠢᠩ ᠤᠨ ᠱᠸᠤ ᠨᠦᠩ ᠪᠦᠯᠦᠭᠯᠡᠯ᠂ ᠰᠢᠨ | ᠹᠠ ᠵᠠᠬ᠎ᠠ ᠳᠡᠯᠭᠡᠭᠦᠷ ᠵᠡᠷᠭᠡ 20 ᠭᠠᠷᠤᠶ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ | ᠬᠢᠵᠦ᠂ ᠵᠢᠯ ᠪᠦᠷᠢ ᠳᠤᠮᠳᠠᠴᠢ ᠪᠠᠷ 120 ᠲᠦᠮᠡᠨ ᠲᠣᠨ ᠢᠳᠡᠰᠢᠨ ᠨᠣᠭᠤᠭ᠎ᠠ ᠪᠣᠷᠣᠯᠠᠭᠤᠯᠵᠤ᠂ | ᠪᠣᠷᠣᠯᠠᠭᠤᠯᠤᠯᠲᠠ ᠶᠢᠨ ᠬᠡᠮᠵᠢᠶ᠎ᠡ ᠨᠢ 50 ᠳ᠋ᠦᠩᠰᠢᠭᠤᠷ ᠲᠥᠭᠦᠷᠢᠭ ᠲᠤ ᠬᠦᠷᠴᠡᠶ᠃ | ᠭᠤᠷᠪᠠ ᠳᠤ ᠲᠠᠷᠢᠶᠠᠯᠠᠩ ᠤᠨ ᠣᠳᠣᠬᠢᠴᠢᠯᠠᠯᠲᠠ ᠶᠢᠨ ᠲᠥᠷᠥᠯ ᠵᠦᠢᠯ ᠢ ᠠᠬᠢᠭᠤᠯᠬᠤ ᠲᠠᠯ᠎ᠠ ᠪᠠᠷ᠂ | ᠵᠢᠶᠠᠩᠰᠦ ᠶᠢᠨ ᠯᠢᠦᠢ ᠭᠠᠩ᠂ ᠠᠨ ᠰᠢᠨ ᠲᠣᠭᠠᠴᠢᠯᠠᠭᠰᠠᠨ ᠦᠷ᠎ᠡ ᠴᠢᠬᠢ ᠶᠢᠨ ᠬᠤᠶᠠᠳᠤᠭᠠᠷ ᠬᠤᠭᠤᠴᠠᠭ᠎ᠠ ᠵᠡᠷᠭᠡ | ᠲᠠᠷᠢᠶᠠᠯᠠᠩ ᠤᠨ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠡᠬᠢᠯᠡᠨ ᠪᠠᠶᠢᠭᠤᠯᠪᠠ᠃ | ᠨᠢᠩᠴᠧᠩ ᠰᠢᠶᠠᠨ ᠪᠥᠬᠦ ᠤᠯᠤᠰ ᠤᠨ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠶᠢ ᠡᠭᠦᠳᠬᠦ | ᠬᠥᠲᠥᠯᠦᠨ ᠳᠠᠭᠠᠭᠤᠯᠬᠤ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ ᠶᠢᠨ ᠬᠠᠮᠲᠤ ᠪᠥᠬᠦ ᠣᠷᠣᠨ ᠤ | ᠲᠥᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠭᠠᠵᠠᠷ ᠤᠨ ᠬᠤᠷᠠᠯ ᠢ ᠥᠨᠳᠥᠷ | ᠬᠢᠷᠢ ᠲᠦᠪᠰᠢᠨ ᠢᠶᠠᠷ ᠳᠠᠭᠠᠭᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠤᠯᠠᠷᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠫᠠᠶᠢᠰᠠ | ᠡᠯᠭᠦᠪᠡ᠃ ᠣᠳᠣᠬᠠᠨ ᠳᠤ᠂ ᠨᠢᠩᠴᠧᠩ ᠰᠢᠶᠠᠨ ᠤ ᠠᠮᠤ ᠪᠤᠳᠠᠭᠠᠨ ᠤ ᠤᠨᠠᠯᠲᠠ 19.5 ᠳ᠋ᠦᠩᠰᠢᠭᠤᠷ ᠵᠢᠩ ᠳᠤ | ᠬᠦᠷᠴᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ |