ᠨᠢᠩᠴᠧᠩ ᠰᠢᠶᠠᠨ ᠰᠣᠶᠣᠯ ᠵᠤᠭᠠᠴᠠᠯ ᠢ ᠠᠭᠤᠰᠤᠯᠴᠠᠭᠤᠯᠤᠨ ᠡᠨᠧᠷᠭᠢ ᠣᠯᠭᠤᠵᠤ  ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠪᠠᠳᠠᠷᠠᠨ ᠬᠥᠭᠵᠢᠪᠡ
ᠨᠡᠶᠢᠲᠡᠯᠡᠭᠰᠡᠨ ᠴᠠᠭ᠄
2025/4/15
    ᠨᠢᠭᠡ ᠳᠤ᠂ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ ᠳᠡᠭᠡᠭᠰᠢᠯᠡᠭᠦᠯᠬᠦ ᠲᠠᠯ᠎ᠠ ᠪᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠲᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠵᠡᠮᠵᠢ ᠶᠢᠨ ᠣᠷᠣᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳ᠋ᠤᠤ ᠰᠢᠤᠢ ᠭᠸᠤ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠶᠢᠷ᠎ᠠ ᠶᠢᠨ ᠬᠤᠶᠠᠷ ᠵᠢᠯ ᠳᠤ ︽ᠶᠠᠨᠱᠠᠨ ᠤ ᠬᠤᠶᠢᠲᠤ ᠬᠤᠷᠮᠣᠶ ᠶᠢᠨ ᠵᠠᠭᠤᠨ ᠭᠠᠵᠠᠷ ᠤᠨ ᠵᠢᠷᠤᠭ ᠤᠨ ᠬᠤᠩᠭᠢᠯ︾ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ 55 ᠬᠡᠷᠡᠭᠵᠢᠭᠦᠯᠵᠦ᠂ 1.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠤᠷᠬᠤᠭ ᠭᠤᠤᠯ ᠤᠨ ᠰᠣᠳᠣᠨ ᠠᠷᠠᠳ ᠤᠨ ᠣᠷᠣᠨ ᠰᠠᠭᠤᠴᠠ ᠶᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠽᠢ ᠮᠧᠩ ᠨᠠᠭᠤᠷ ᠤᠨ ᠤᠰᠤᠨ ᠳᠡᠭᠡᠷᠡᠬᠢ ᠬᠥᠳᠡᠯᠭᠡᠭᠡᠨ ᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠴᠦ ᠯᠠᠪᠳᠠᠭᠤᠨ ᠢᠶᠠᠷ ᠠᠬᠢᠭᠤᠯᠵᠤ᠂ ᠨᠢᠩᠴᠧᠩ ᠤᠨ ᠮᠦᠽᠧᠶ ᠶᠢᠨ ᠳᠣᠲᠣᠭᠠᠳᠤ ᠦᠵᠡᠭᠦᠯᠦᠯᠭᠡ ᠶᠢ ᠡᠬᠢᠯᠡᠭᠦᠯᠵᠦ᠂ ᠵᠤᠭᠠᠴᠠᠭᠰᠠᠳ ᠲᠤ ᠨᠠᠩ ᠣᠯᠠᠨ ᠴᠢᠨᠠᠷ ᠰᠠᠶᠢᠲᠠᠶ ᠵᠢᠭᠤᠯᠴᠢᠯᠠᠯ ᠤᠨ ᠣᠶᠢᠯᠠᠭᠠᠯᠲᠠ  ᠬᠠᠩᠭᠠᠪᠠ᠃     ᠬᠤᠶᠠᠷ ᠲᠤ᠂ ᠵᠤᠭᠠᠴᠠᠯ ᠤᠨ ᠠᠵᠢᠯᠯᠠᠭ᠎ᠠ ᠶᠢ ᠲᠥᠰᠦᠪᠯᠡᠬᠦ ᠲᠠᠯ᠎ᠠ ᠪᠠᠷ᠂ ᠡᠯ᠎ᠡ ᠲᠦᠷᠦᠯ ᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠤᠭᠠᠴᠠᠭᠰᠠᠳ ᠢ ᠲᠠᠲᠠᠪᠠ᠃ ︽ᠶᠠᠨᠱᠠᠨ ᠤ ᠬᠤᠶᠢᠲᠤ ᠬᠤᠷᠮᠣᠢ ᠶᠢᠨ ᠵᠠᠭᠤᠨ ᠭᠠᠵᠠᠷ ᠤᠨ ᠵᠢᠷᠤᠭ ᠤᠨ ᠬᠤᠩᠭᠢᠯ︾ ᠢ ᠪᠥᠬᠦ ᠤᠯᠤᠰ ᠤᠨ ᠵᠠᠭᠤᠨ ᠰᠢᠶᠠᠨ ᠳᠤ ᠣᠷᠣᠭᠤᠯᠬᠤ ᠵᠡᠷᠭᠡ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠤᠯᠤᠰ ᠤᠨ ᠯᠤᠤᠲᠤ ᠣᠩᠭᠤᠴᠠᠨ ᠤ ᠢᠯᠡ ᠤᠷᠤᠯᠳᠤᠭᠠᠨ᠂ ︽ᠲᠣᠰᠬᠤᠨ ᠤ BA︾ ᠪᠥᠮᠪᠥᠭᠡᠨ ᠤ ᠲᠡᠷᠢᠭᠦᠨ ᠪᠤᠯᠢᠶᠠᠯᠳᠤᠬᠤ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠡᠲᠡᠭᠡᠷ ᠠᠵᠢᠯᠯᠠᠭ᠎ᠠ ᠨᠢ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠨᠢᠩᠴᠧᠩ ᠰᠢᠶᠠᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠡᠶ᠃     ᠭᠤᠷᠪᠠ ᠳᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠳᠣᠭᠢᠷᠠᠭᠤᠯᠬᠤ ᠲᠥᠪ᠂ ᠵᠧᠩ ᠬᠠᠩ ᠪᠠᠭᠤᠳᠠᠯ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠡᠷᠡᠭᠯᠡᠭᠡᠨ ᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠬᠡᠷᠡᠭᠯᠡᠭᠡᠨ ᠤ ᠵᠦᠢᠯ ᠢ 2.8 ᠳ᠋ᠦᠩᠰᠢᠭᠤᠷ ᠲᠥᠭᠦᠷᠢᠭ ᠳᠠᠶᠢᠴᠢᠯᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠰ ᠲᠤᠰ 366 ᠳ᠋ᠦᠩᠰᠢᠭᠤᠷ ᠲᠥᠭᠦᠷᠢᠭ ᠪᠠ 211 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ 9.5% ᠪᠠ 2.6% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠳᠤ ᠬᠦᠴᠦᠲᠡᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号