| ᠪᠦᠬᠦ ᠰᠢᠶᠠᠨ ᠤ ᠨᠤᠲᠤᠭ ᠲᠠᠭᠠᠨ ᠪᠤᠴᠠᠵᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ︽1131︾ ᠠᠵᠢᠯ ᠣᠯᠭᠤᠯᠲᠠ ᠶᠢ | ᠬᠠᠪᠰᠤᠷᠤᠨ ᠲᠡᠳᠬᠦᠬᠦ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 10 ᠤ | ᠡᠳᠦᠷ ᠠᠴᠠ 4 ᠰᠠᠷ᠎ᠠ ᠶᠢᠨ 13 ᠤ ᠡᠳᠦᠷ ᠪᠣᠯᠲᠠᠯ᠎ᠠ᠂ ᠨᠢᠩᠴᠧᠩ ᠰᠢᠶᠠᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ 4 ᠡᠳᠦᠷ ᠤᠨ ᠬᠤᠭᠤᠴᠠᠭ᠎ᠠ ᠲᠠᠢ 2025 ᠣᠨ ᠤ ᠠᠵᠢᠯ ᠣᠯᠤᠭᠠᠳᠤᠶ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠰᠦᠢᠳᠬᠡᠯ ᠬᠤᠷᠢᠶᠠᠬᠤ ᠥᠬᠡᠶ ᠪᠠᠷ ᠠᠯᠪᠠᠲᠠᠨ ᠰᠢᠯᠭᠠᠭᠤᠯᠬᠤ ᠪᠣᠯᠪᠠᠰᠤᠷᠠᠯ ᠤᠨ | ᠠᠩᠭᠢ ᠶᠢ ᠠᠮᠵᠢᠯᠲᠠ ᠲᠠᠢ ᠡᠷᠭᠢᠯᠡᠵᠦ᠂ ᠨᠡᠶᠢᠲᠡ 30 ᠭᠠᠷᠤᠶ ᠠᠵᠢᠯ ᠣᠯᠤᠭᠠᠳᠤᠶ ᠤᠶᠤᠲᠠᠳ ᠪᠣᠯᠪᠠᠰᠤᠷᠠᠯ ᠳᠤ | ᠤᠷᠤᠯᠴᠠᠪᠠ᠃ | ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ︽ᠣᠬᠤᠷ ᠦᠶᠡᠯᠡᠯ ᠤᠨ ᠬᠤᠭᠤᠴᠠᠭ᠎ᠠ᠂ | ᠥᠨᠳᠥᠷ ᠳᠠᠪᠲᠠᠮᠵᠢ᠂ ᠲᠤᠰᠬᠠᠢ ᠮᠥᠷᠲᠡᠭᠡᠨ ᠨᠠᠷᠢᠯᠢᠭ︾ ᠪᠣᠯᠪᠠᠰᠤᠷᠠᠯ ᠤᠨ ᠵᠠᠭᠪᠤᠷ ᠢ ᠪᠠᠷᠢᠮᠲᠠᠯᠠᠵᠤ᠂ ᠨᠢᠩᠴᠧᠩ | ᠰᠢᠶᠠᠨ ᠤ ᠬᠦᠰᠡᠯᠡᠩ ᠰᠤᠷᠭᠠᠨ ᠬᠥᠮᠦᠵᠢᠯ ᠤᠨ ᠵᠥᠪᠯᠡᠯᠭᠡ ᠥᠭᠬᠦ ᠲᠥᠪ ᠤᠨ ᠲᠤᠰᠬᠠᠢ ᠮᠡᠷᠭᠡᠵᠢᠯ ᠤᠨ ᠪᠦᠯᠬᠦᠮ ᠲᠠᠢ | ᠬᠠᠮᠲᠤᠷᠠᠨ ᠲᠤᠰ ᠤᠳᠠᠭᠠᠨ ᠤ ᠪᠣᠯᠪᠠᠰᠤᠷᠠᠯ ᠢ ᠥᠷᠨᠢᠭᠦᠯᠪᠡ᠃ ᠪᠣᠯᠪᠠᠰᠤᠷᠠᠯ ᠤᠨ ᠠᠭᠤᠯᠭ᠎ᠠ ᠨᠢ ᠭᠤᠤᠯᠳᠠᠭᠤ | ᠠᠯᠪᠠᠲᠠᠨ ᠰᠢᠯᠭᠠᠭᠤᠯᠬᠤ ᠰᠢᠯᠭᠠᠯᠲᠠ ᠶᠢᠨ ᠨᠢᠭᠤᠷᠳᠠᠯ ᠰᠢᠯᠭᠠᠯᠲᠠ ᠶᠢᠨ ᠮᠡᠳᠡᠯᠭᠡ ᠪᠠᠷ ᠭᠤᠤᠯᠳᠠᠯᠭ᠎ᠠ ᠪᠣᠯᠭᠠᠵᠤ᠂ | ᠠᠯᠪᠠᠲᠠᠨ ᠰᠢᠯᠭᠠᠭᠤᠯᠬᠤ ᠨᠢᠭᠤᠷᠳᠠᠯ ᠰᠢᠯᠭᠠᠯᠲᠠ ᠶᠢᠨ ᠶᠣᠰᠣ᠂ ᠨᠢᠭᠤᠷᠳᠠᠯ ᠰᠢᠯᠭᠠᠯᠲᠠ ᠶᠢᠨ ᠤᠷ᠎ᠠ ᠮᠡᠷᠭᠡᠵᠢᠯ᠂ | ᠦᠭᠡ ᠬᠡᠯᠡᠨ ᠤ ᠵᠣᠬᠢᠶᠠᠨ ᠪᠠᠶᠢᠭᠤᠯᠤᠯᠲᠠ ᠵᠡᠷᠭᠡ ᠣᠯᠠᠨ ᠨᠡᠶᠢᠲᠡ ᠶᠢᠨ ᠰᠢᠯᠭᠠᠯᠲᠠ ᠶᠢᠨ ᠨᠢᠭᠤᠷᠳᠠᠯ ᠰᠢᠯᠭᠠᠯᠲᠠ ᠶᠢᠨ | ᠬᠠᠮᠢᠶ᠎ᠠ ᠪᠥᠬᠦᠶ ᠮᠡᠳᠡᠯᠭᠡ ᠶᠢ ᠰᠢᠰᠲ᠋ᠧᠮ ᠲᠠᠢ ᠡᠵᠡᠮᠰᠢᠵᠦ᠂ ᠪᠣᠯᠪᠠᠰᠤᠷᠠᠯ ᠳᠤ ᠣᠷᠣᠯᠴᠠᠬᠤ ᠰᠤᠷᠤᠭᠴᠢᠳ ᠤᠨ | ᠰᠤᠷᠤᠯᠴᠠᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠪᠠ᠃ ᠡᠭᠦᠨ ᠤ ᠬᠠᠮᠲᠤ᠂ ᠰᠢᠶᠠᠨ ᠤ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ | ᠦᠢᠯᠡᠰ ᠴᠣᠭᠴᠠᠯᠠᠬᠤ ᠵᠢᠯᠣᠭᠤᠳᠬᠤ ᠲᠥᠪ ᠠᠴᠠ ᠰᠤᠷᠤᠭᠴᠢᠳ ᠲᠤ ᠠᠵᠢᠯ ᠣᠯᠵᠤ ᠳᠠᠳᠤᠯᠭ᠎ᠠ ᠬᠢᠬᠦ᠂ | ᠴᠢᠳᠠᠪᠤᠷᠢᠲᠠᠨ ᠨᠥᠭᠡᠴᠡᠯᠡᠬᠦ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ | ᠰᠤᠷᠤᠭᠴᠢᠳ ᠲᠤ ᠡᠯᠪᠡᠭ ᠪᠠᠶᠠᠯᠢᠭ ᠦᠢᠯᠡᠳᠦᠯᠭᠡ ᠪᠠ ᠠᠵᠢᠯ ᠣᠯᠭᠤᠬᠤ ᠲᠣᠬᠢᠶᠠᠯ ᠬᠠᠩᠭᠠᠪᠠ᠃ | ᠪᠣᠯᠪᠠᠰᠤᠷᠠᠯ ᠤᠨ ᠬᠤᠭᠤᠴᠠᠭᠠᠨ ᠳᠤ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ | ᠰᠤᠷᠤᠭᠴᠢᠳ ᠢ ᠵᠣᠬᠢᠶᠠᠨ ᠪᠠᠶᠢᠭᠤᠯᠤᠨ ︽ᠤᠷᠢᠬᠠᠨ ᠰᠠᠯᠬᠢ ᠠᠵᠢᠯ ᠤᠨ ᠪᠠᠶᠢᠷᠢ ᠬᠦᠷᠭᠡᠵᠦ᠂ ᠠᠵᠢᠯ ᠣᠯᠭᠤᠯᠲᠠ ᠶᠢ | ᠠᠬᠢᠭᠤᠯᠬᠤ ᠨᠠᠷᠢᠯᠢᠭ ᠣᠨᠣᠴᠠᠲᠠᠶ ᠦᠢᠯᠡᠴᠢᠯᠡᠭᠡᠨ ᠤ ᠠᠷᠠᠳ ᠤᠨ ᠰᠡᠳᠬᠢᠯ ᠢ | ᠳᠤᠯᠠᠭᠠᠴᠠᠭᠤᠯᠤᠨ᠎ᠠ-ᠤᠯᠠᠭᠠᠨᠬᠠᠳᠠ ᠶᠢᠨ ᠬᠤᠸᠠ ᠾᠧᠩ ᠾᠧ ᠴᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ ᠶᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ︾ ᠳᠤ ᠣᠷᠣᠯᠴᠠᠭᠤᠯᠵᠤ᠂ ᠠᠵᠢᠯᠲᠠᠨ ᠡᠯᠰᠡᠬᠦ | ᠴᠤᠭᠯᠠᠭᠠᠨ ᠳᠤ ᠣᠷᠣᠯᠴᠠᠬᠤ ᠪᠠᠷ ᠲᠠᠮᠵᠢᠨ ᠰᠤᠷᠤᠭᠴᠢᠳ ᠲᠤ ᠥᠪᠡᠷ ᠢ ᠪᠠᠨ ᠳᠡᠯᠭᠡᠨ ᠦᠵᠡᠭᠦᠯᠬᠦ ᠠᠵᠠ ᠲᠣᠬᠢᠶᠠᠯ | ᠬᠠᠩᠭᠠᠭᠰᠠᠨ ᠢᠶᠠᠷ ᠪᠠᠷᠠᠬᠤ ᠦᠭᠡᠢ ᠪᠠᠰᠠ ᠲᠡᠳᠡᠨ ᠢ ᠬᠠᠪᠰᠤᠷᠤᠨ ᠲᠤᠰ ᠪᠡᠶ᠎ᠡ ᠶᠢᠨ ᠬᠦᠷᠦᠯᠴᠡᠬᠦ ᠦᠭᠡᠢ ᠲᠠᠯ᠎ᠠ ᠪᠠᠨ | ᠲᠣᠳᠣᠷᠬᠠᠢ ᠲᠠᠨᠢᠭᠤᠯᠵᠤ᠂ ᠬᠤᠶᠢᠰᠢᠳᠠ ᠶᠢᠨ ᠠᠵᠢᠯ ᠮᠡᠷᠭᠡᠵᠢᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ | ᠲᠠᠯᠪᠢᠪᠠ᠃ ᠠᠵᠢᠯᠲᠠᠨ ᠡᠯᠰᠡᠬᠦ ᠠᠵᠢᠯᠯᠠᠭ᠎ᠠ ᠳᠤ ᠣᠷᠣᠯᠴᠠᠭᠰᠠᠨ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠳᠣᠭᠢᠷᠠᠬᠤ 40 ᠭᠠᠷᠤᠶ ᠠᠵᠢᠯ ᠤᠨ ᠪᠠᠶᠢᠷᠢ ᠬᠠᠩᠭᠠᠵᠤ᠂ ᠲᠡᠭᠦᠰᠦᠭᠰᠡᠳ ᠲᠤ ᠨᠠᠩ ᠣᠯᠠᠨ | ᠠᠵᠢᠯ ᠤᠯᠬᠤ ᠲᠣᠬᠢᠶᠠᠯ ᠬᠠᠩᠭᠠᠪᠠ᠃ | ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠬᠠᠪᠰᠤᠷᠤᠨ ᠲᠡᠳᠬᠦᠬᠦ ᠦᠢᠯᠡᠴᠢᠯᠡᠭᠡᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠩ ᠣᠯᠠᠨ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠩᠭᠠᠨ᠎ᠠ᠃ ᠡᠭᠦᠨ ᠤ ᠬᠠᠮᠲᠤ᠂ ᠲᠡᠭᠦᠰᠬᠦ ᠤᠶᠤᠳᠠᠳ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠯᠬᠤ ᠵᠥᠪ ᠦᠵᠡᠯᠲᠡ ᠲᠠᠢ ᠪᠣᠯᠭᠠᠵᠤ᠂ ᠲᠡᠳᠡᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠦᠨᠳᠦᠰᠦᠨ ᠱᠠᠲᠤᠨ ᠤ ᠠᠵᠢᠯ ᠳᠤ ᠢᠳᠡᠪᠬᠢᠲᠡᠶ | ᠣᠷᠣᠯᠴᠠᠬᠤ ᠶᠢ ᠵᠣᠷᠢᠭᠵᠢᠭᠤᠯᠪᠡ᠃ | |