| ᠨᠢᠩᠴᠧᠩ ᠰᠢᠶᠠᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠡᠨᠡᠬᠦ ᠥᠩ ᠰᠢᠮᠡᠯᠢᠭ | ᠬᠥᠷᠥᠰᠥᠨ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠭᠦᠢᠴᠡᠳ ᠰᠢᠯᠢᠳᠡᠭᠵᠢᠭᠦᠯᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠲᠠᠷᠢᠶᠠᠯᠠᠩ ᠮᠠᠯ ᠠᠵᠤ | ᠠᠬᠤᠢ ᠶᠢᠨ ᠠᠵᠤ ᠦᠶᠢᠯᠡᠰᠵᠢᠯᠲᠡ ᠶᠢᠨ ᠬᠡᠯᠬᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠥᠷᠨᠢᠩᠭᠦᠶ ᠬᠥᠭᠵᠢᠪᠡ᠃ ᠰᠢᠨ᠎ᠡ ᠶᠢ ᠡᠭᠦᠳᠬᠦ | ᠴᠢᠨᠠᠷᠲᠠᠶ᠂ ᠠᠮᠢᠵᠢᠷᠠᠯ ᠤᠨ ᠬᠦᠴᠦᠨ ᠲᠠᠢ᠂ ᠨᠡᠶᠢᠲᠡᠯᠢᠭ ᠴᠢᠨᠠᠷᠲᠠᠶ ᠲᠠᠷᠢᠶᠠᠯᠠᠩ ᠤᠨ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠶᠠᠭ ᠨᠠᠩ ᠣᠯᠠᠨ ᠵᠢᠵᠢᠭ ᠲᠠᠷᠢᠶᠠᠯᠠᠩ ᠤᠨ ᠡᠷᠤᠬᠡ ᠳᠤ ᠠᠰᠢᠭ ᠬᠦᠷᠲᠡᠭᠡᠵᠦ᠂ | ᠦᠢᠯᠡᠳᠬᠦᠨ ᠨᠢ ᠨᠠᠩ ᠣᠯᠠᠨ ᠬᠡᠷᠡᠭᠯᠡᠭᠴᠢᠳ ᠲᠤ ᠠᠰᠢᠭ ᠬᠦᠷᠲᠡᠭᠡᠨ᠎ᠠ᠃ ᠣᠳᠣᠬᠠᠨ ᠳᠤ᠂ ᠨᠢᠩᠴᠧᠩ ᠰᠢᠶᠠᠨ ᠤ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ | 500 ᠲᠦᠮᠡᠨ ᠲᠥᠭᠦᠷᠢᠭ ᠢ ᠳᠠᠪᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ | ᠠᠵᠤ ᠠᠬᠤᠶᠢᠯᠠᠯ 55 ᠪᠠᠶᠢᠵᠤ᠂ ᠡᠭᠦᠨ ᠳᠤ ᠤᠯᠤᠰ ᠤᠨ ᠲᠠᠰ ᠤᠨ 3 ︵ᠰᠠᠢ ᠹᠸᠢ ᠶᠠ᠂ ᠳ᠋ᠦᠩ ᠹᠠᠩ ᠸᠠᠨ ᠴᠢ | ᠂ ᠼᠣᠣ ᠶᠤᠸᠠᠨ ᠸᠠᠨ ᠴᠢ︶᠂ ᠥᠪᠡᠷᠲᠡᠭᠡᠨ ᠵᠠᠰᠠᠬᠤ ᠣᠷᠣᠨ ᠤ ᠲᠠᠰ ᠤᠨ 9 ︵ᠶᠤᠸᠠᠨ ᠯᠢ ᠠᠷᠢᠬᠢᠨ ᠦᠢᠯᠡᠰ᠂ | ᠳ᠋ᠧ ᠹᠧᠩ ᠦᠷ᠎ᠡ ᠶᠢᠨ ᠦᠢᠯᠡᠰ᠂ ᠺᠠᠩ ᠵᠢᠶᠠᠨ ᠢᠳᠡᠭᠡᠨ᠂ ᡁᠢ ᠶᠦᠩ ᠠᠮᠤ ᠪᠤᠳᠠᠭᠠᠨ ᠤ ᠦᠢᠯᠡᠰ᠂ ᠯᠢᠦᠶ ᠠᠨ | ᠵᠢᠶᠠ ᠢᠳᠡᠭᠡᠨ᠂ ᠯᠢᠦᠶ ᠹᠠ ᠲᠠᠷᠢᠶᠠᠯᠠᠩ᠂ ᠯᠢᠶᠣᠤ ᠵᠥᠩ ᠵᠢᠩ ᠺᠣᠮᠫᠠᠨᠢ᠂ ᠨᠢᠩ ᠹᠧᠩ ᠲᠠᠷᠢᠶᠠᠯᠠᠩ᠂ ᠰᠢᠤᠢ ᠳ᠋ᠦᠩ | ᠲᠠᠷᠢᠶᠠᠯᠠᠩ︶᠂ ᠬᠤᠲᠠ ᠶᠢᠨ ᠳᠡᠰ ᠤᠨ17 ᠡᠷᠤᠭᠡ ᠪᠤᠢ᠃ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ | ᠠᠬᠤᠶ ᠶᠢᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ 8 ᠪᠠᠶᠢᠭᠤᠯᠪᠠ᠃ ᠭᠤᠤᠯ | ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 78. | 2% ᠲᠤ ᠬᠦᠷᠪᠡ᠃ ᠰᠢᠶᠠᠨ ᠤ ᠳᠣᠲᠣᠷ᠎ᠠ ᠲᠤᠰᠬᠠᠶ ᠢᠳᠡᠰᠢᠨ ᠨᠣᠭᠤᠭ᠎ᠠ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ 9 ᠪᠠᠶᠢᠵᠤ᠂ ᠪᠡᠭᠡᠵᠢᠩ ᠤᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠨᠡᠶᠢᠭᠡᠮᠯᠢᠭ᠂ ᠰᠢᠨ ᠹᠠ | ᠳ᠋ᠢ᠂ ᠱᠠᠩᠬᠠᠶ ᠶᠢᠨ ᠵᠢᠶᠠᠩ ᠴᠢᠶᠣᠤ ᠵᠠᠬ᠎ᠠ ᠳᠡᠯᠭᠡᠭᠦᠷ᠂ ᠭᠤᠸᠠᠩᠳᠦ᠋ᠩ ᠰᠢᠶᠠᠩᠭᠠᠩ ᠣᠣᠮᠧᠨ ᠲᠠᠢ ᠣᠷᠳᠣ | ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠥᠭᠡᠳ ︽ᠢᠨᠲ᠋ᠧᠷ ᠰᠦᠯᠵᠢᠶ᠎ᠡ︾ ᠶᠢ | ᠠᠰᠢᠭᠯᠠᠨ ᠰᠦᠯᠵᠢᠶᠡᠨ ᠳᠡᠭᠡᠷᠡᠬᠢ ᠠᠷᠠᠯᠵᠢᠶ᠎ᠠ ᠶᠢ ᠵᠡᠷᠭᠡᠪᠡᠷ ᠥᠷᠨᠢᠭᠦᠯᠵᠦ᠂ ᠨᠢᠭᠡᠨᠲᠡ ᠪᠡᠭᠡᠵᠢᠩ ᠲᠢᠶᠠᠨᠵᠢᠨ ᠾᠧᠪᠧᠶ | ᠂ ᠵᠡᠭᠦᠨ ᠬᠤᠶᠢᠲᠦ ᠶᠢᠨ ᠭᠤᠷᠪᠠᠨ ᠮᠤᠵᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠴᠢᠨᠠᠷ ᠰᠠᠶᠢᠲᠠᠶ ᠢᠳᠡᠰᠢᠨ ᠨᠣᠭᠤᠭ᠎ᠠ ᠬᠠᠩᠭᠠᠬᠤ ᠴᠢᠬᠤᠯᠠ | ᠰᠠᠭᠤᠷᠢᠨ ᠭᠠᠵᠠᠷ ᠪᠣᠯᠤᠭᠰᠠᠨ ᠪᠠᠶᠢᠨ᠎ᠠ᠃ᠰᠢᠶᠠᠨ ᠤ ᠳᠣᠲᠣᠷᠠᠬᠢ ᠭᠡᠷ ᠤᠨ ᠲᠡᠵᠢᠭᠡᠪᠦᠷᠢ ᠶᠢᠨ ᠳᠦᠷᠪᠡᠨ | ᠠᠷᠠᠯᠵᠢᠶᠠᠨ ᠤ ᠵᠠᠬ᠎ᠠ ᠳᠡᠯᠭᠡᠭᠦᠷ ︵ᠪᠠᠷᠬᠠᠨ᠂ ᠮᠠᠩᠨᠨᠤᠳ᠂ ᠭᠡᠭᠡᠨ ᠬᠤᠲᠠ᠂ ᠳᠡᠭᠡᠷ᠎ᠡ ᠬᠤᠷᠤᠭ᠎ᠠ︶ ᠲᠠᠢ᠂ | ᠡᠭᠦᠨ ᠳᠤ ᠪᠠᠷᠬᠠᠨ ᠤ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠪᠡᠭᠡᠵᠢᠩ᠂ ᠲᠢᠶᠠᠨᠵᠢᠨ᠂ ᠥᠪᠥᠷ | ᠮᠣᠩᠭᠤᠯ ᠾᠧᠪᠸᠢ ᠯᠢᠶᠣᠤᠨᠢᠩ ᠤᠨ ᠭᠠᠵᠠᠷ ᠣᠷᠣᠨ ᠳᠠᠬᠢ ᠲᠣᠮᠣ ᠬᠡᠯᠪᠡᠷᠢ ᠶᠢᠨ ᠠᠯᠠᠰᠢᠨ ᠦᠬᠡᠷ ᠤᠨ | ᠠᠷᠠᠯᠵᠢᠶᠠᠨ ᠤ ᠲᠥᠪ ᠪᠣᠯᠵᠤ᠂ ᠪᠥᠬᠦ ᠤᠯᠤᠰ ᠤᠨ ᠶᠡᠬᠡᠩᠬᠢ ᠮᠤᠵᠢ ᠶᠢᠨ ᠬᠤᠲᠠ ᠲᠣᠭᠤᠷᠢᠭ ᠢ ᠨᠥᠯᠥᠭᠡᠯᠡᠨ᠂ | ᠵᠢᠯ ᠤᠨ ᠠᠷᠠᠯᠵᠢᠶᠠᠨ ᠤ ᠬᠡᠮᠵᠢᠶ᠎ᠡ 20 ᠲᠦᠮᠡ ᠶᠢ ᠳᠠᠪᠠᠵᠠᠶ᠃ |