| ᠨᠢᠭᠡ ᠳᠤ ᠰᠤᠷᠭᠠᠨ ᠬᠥᠮᠦᠵᠢᠯ ᠤᠨ ᠬᠦᠷᠢᠶᠡᠨ ᠳᠤ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠎ᠠ᠃ ᠡᠨᠡ ᠵᠢᠯ 2 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠤᠨ 5 ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠦᠷᠭᠡᠳᠭᠡᠨ | ᠪᠠᠶᠢᠭᠤᠯᠵᠤ᠂ ᠰᠤᠷᠤᠬᠴᠢ ᠶᠢᠨ ᠰᠤᠷᠤᠯᠭ᠎ᠠ ᠶᠢᠨ ᠣᠷᠣ ᠶᠢ 3000 ᠰᠢᠨ᠎ᠡ ᠪᠠᠷ ᠨᠡᠮᠡᠭᠳᠡᠭᠦᠯᠵᠦ᠂ ᠰᠤᠷᠭᠠᠭᠤᠯᠢ ᠳᠤ | ᠣᠷᠤᠬᠤ ᠳᠤ ᠬᠦᠴᠢᠷ ᠠᠰᠠᠭᠤᠳᠠᠯ ᠢ ᠪᠦᠲᠦᠮᠵᠢ ᠲᠠᠢ ᠰᠶᠢᠳᠪᠦᠷᠢᠯᠡᠨ᠎ᠡ᠃ ᠡᠭᠦᠨ ᠤ ᠬᠠᠮᠲᠤ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠢᠯᠡ ᠪᠠᠷ ᠤᠷᠢᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 200 ᠰᠢᠯᠢᠳᠡᠭ ᠪᠠᠭᠰᠢ ᠶᠢ ᠨᠥᠬᠦᠪᠥᠷᠢᠯᠡᠬᠦ ᠶᠢᠨ ᠬᠠᠮᠲᠤ ᠪᠠᠭᠰᠢ ᠶᠢᠨ | ᠪᠣᠯᠪᠠᠰᠤᠷᠠᠯ ᠢ 100 ᠲᠠᠯᠠᠪᠤᠷ ᠤᠳᠠᠭ᠎ᠠ ᠥᠷᠨᠢᠭᠦᠯᠵᠦ᠂ ᠪᠠᠭᠰᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠳᠤ ᠣᠷᠣᠬᠤ ᠨᠣᠷᠮ᠎ᠠ᠂ ᠪᠠᠬᠢᠵᠢᠭᠦᠯᠦᠭᠰᠡᠨ ᠨᠣᠷᠮ᠎ᠠ ᠴᠥᠮ 100 % ᠳᠤ ᠬᠦᠷᠴᠦ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ | ᠠᠳᠠᠯᠢ ᠬᠤᠭᠤᠴᠠᠭᠠᠨ ᠤ ᠬᠢ ᠠᠴᠠ 5 ᠵᠠᠭᠤᠨ ᠤ ᠴᠡᠭ ᠳᠡᠭᠡᠭᠰᠢᠯᠡᠪᠡ᠃ | ᠬᠤᠶᠠᠷ ᠲᠤ ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠥᠬᠦ ᠰᠢᠶᠠᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ 630 ᠪᠠᠶᠢᠵᠤ᠂ ᠡᠭᠦᠨ ᠳᠤ | ᠭᠤᠷᠪᠠᠳᠤᠭᠠᠷ ᠳᠡᠰ ᠤᠨ ᠬᠥᠬᠡ ᠲᠠᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ ᠲᠣᠰ ᠪᠦᠷᠢ 1 ᠪᠠᠶᠢᠵᠤ᠂ ᠨᠡᠯᠢᠶᠡᠳ ᠪᠦᠷᠢᠨ ᠲᠡᠭᠦᠯᠳᠡᠷ | ᠡᠮᠴᠢᠯᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠣᠶ ᠪᠣᠯᠭᠠᠪᠠ᠃ ᠪᠡᠭᠡᠵᠢᠩ ᠵᠡᠷᠭᠡ ᠭᠠᠵᠠᠷ ᠣᠷᠣᠨ ᠤ ᠲᠣᠮᠣ | ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ 35 ᠲᠤᠰᠬᠠᠢ ᠡᠮᠨᠡᠯᠭᠡ ᠶᠢᠨ | ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠤᠨ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ | ᠲᠤᠰᠬᠠᠢ ᠮᠡᠷᠭᠡᠵᠢᠯᠲᠡᠨ ᠤᠷᠢᠵᠦ ᠡᠮᠨᠡᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠭᠡᠷ ᠤᠨ ᠢᠶᠠᠨ ᠡᠭᠦᠳᠡᠨ ᠳᠤ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠦᠷᠲᠡᠭᠡᠨ᠎ᠡ᠃ ᠣᠳᠣᠬᠠᠨ ᠳᠤ᠂ ᠪᠥᠬᠦ ᠰᠢᠶᠠᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠲᠡ 200 ᠲᠦᠮᠡᠨ ᠬᠥᠮᠦᠨ ᠤᠳᠠᠭ᠎ᠠ ᠣᠨᠣᠰᠢᠯᠠᠨ ᠡᠮᠨᠡᠵᠦ᠂ ᠣᠯᠠᠨ | ᠲᠦᠮᠡᠨ ᠤ ᠡᠮᠨᠡᠭᠦᠯᠬᠦ ᠬᠠᠨᠤᠮᠵᠢ ᠶᠢᠨ ᠬᠡᠮᠵᠢᠶ᠎ᠡ 90% ᠠᠴᠠ ᠳᠡᠭᠡᠭᠰᠢ ᠳᠤ ᠬᠦᠷᠴᠡᠶ᠃ | ᠭᠤᠷᠪᠠ ᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠲᠠᠰᠤᠷᠠᠯᠲᠠ ᠤᠢᠭᠡᠢ ᠲᠡᠭᠦᠯᠳᠡᠷᠵᠢᠵᠦ᠂ ᠨᠡᠶᠢᠭᠡᠮ ᠤᠨ | ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠎ᠡ᠃ ᠣᠲᠣ ᠪᠣᠯᠲᠠᠯ᠎ᠠ᠂ ᠪᠥᠬᠦ ᠰᠢᠶᠠᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 35 | ᠲᠦᠮᠡ ᠳᠤ ᠬᠦᠷᠴᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 98% ᠠᠴᠠ | ᠳᠡᠭᠡᠭᠰᠢ ᠳᠤ ᠲᠣᠭᠲᠠᠪᠤᠷᠢᠵᠢᠭᠤᠯᠪᠠ᠃ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠨᠡᠶᠢᠲᠡ 48000 ᠬᠥᠮᠦᠨ ᠪᠠᠶᠢᠵᠤ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠶᠢᠲᠡ 1.6 ᠳ᠋ᠦᠩᠰᠢᠭᠤᠷ ᠲᠥᠭᠦᠷᠢᠭ | ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃ | |