ᠨᠢᠩᠴᠧᠩ ᠰᠢᠶᠠᠨ ᠬᠤᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠬᠤᠳᠠ ᠪᠠᠯᠭᠠᠰᠤᠨ ᠤ ᠶᠠᠰᠤ ᠴᠢᠨᠠᠷ ᠤᠨ ᠠᠭᠤᠯᠤᠭᠳᠠᠬᠤᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/17
    ᠨᠢᠭᠡ ᠳᠤ᠂ ᠬᠤᠲᠠ ᠶᠢᠨ ᠶᠠᠪᠤᠳᠠᠯ ᠤᠨ ᠵᠠᠮ ᠢ ᠥᠭᠡᠷᠡᠴᠢᠯᠡᠬᠦ ᠲᠠᠯ᠎ᠠ ᠪᠠᠷ᠂ ᠲᠤᠰᠬᠠᠶ ᠵᠦᠢᠯ ᠤᠨ ᠪᠡᠯᠡ ᠮᠥᠩᠭᠦ ᠣᠷᠣᠭᠤᠯᠵᠤ ᠵᠠᠮ ᠢ ᠰᠡᠯᠪᠢᠨ ᠵᠠᠰᠠᠬᠤ ᠪᠠ ᠥᠷᠭᠡᠳᠬᠡᠬᠦ ᠳᠤ ᠬᠡᠷᠡᠭᠯᠡᠨ᠎ᠡ᠃ ᠡᠨᠡ ᠵᠢᠯ ᠠᠴᠠ ᠨᠠᠰᠢ᠂ ᠬᠤᠲᠠ ᠲᠣᠭᠤᠷᠢᠭ ᠤᠨ ᠭᠤᠤᠯ ᠵᠠᠮ ᠢ 15 ᠺᠢᠯᠣᠮᠧᠲᠷ ᠰᠢᠨᠡᠳᠭᠡᠨ ᠵᠠᠰᠠᠵᠤ᠂ ᠵᠠᠮ ᠬᠠᠷᠢᠯᠴᠠᠭᠠᠨ ᠤ ᠲᠦᠭᠵᠢᠷᠡᠯ ᠤᠨ ᠵᠠᠩᠭᠢᠯᠠᠭ᠎ᠠ ᠶᠢᠨ ᠴᠡᠭ ᠢ ᠰᠢᠯᠢᠳᠡᠭᠵᠢᠭᠦᠯᠦᠨ᠂ 5 ᠵᠠᠮ ᠤᠨ ᠠᠭᠤᠯᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠵᠤ᠂ ᠵᠠᠮ ᠨᠡᠪᠲᠡᠷᠡᠯᠭᠡ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠲᠡᠷᠭᠡ ᠬᠥᠰᠬᠡ ᠶᠢᠨ ᠳᠤᠮᠳᠠᠴᠢ ᠨᠡᠪᠲᠡᠷᠡᠬᠦ ᠬᠤᠷᠳᠤᠴᠠ ᠶᠢ 20% ᠪᠠᠷ ᠳᠡᠭᠡᠭᠰᠢᠯᠡᠭᠦᠯᠪᠡ᠃ ᠡᠭᠦᠨ ᠤ ᠬᠠᠮᠲᠤ᠂ ᠵᠠᠮ ᠤᠨ ᠭᠡᠷᠡᠯᠲᠦᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠮ ᠤᠨ ᠳ᠋ᠧᠩ ᠢ 800 ᠰᠢᠨ᠎ᠡ ᠪᠠᠷ ᠨᠡᠮᠡᠵᠦ᠂ ᠵᠡᠭᠡᠯᠢ ᠶᠢᠨ ᠵᠢᠵᠢᠭ ᠭᠤᠳᠤᠮᠵᠢ ᠶᠢ ᠪᠦᠷᠬᠦᠵᠦ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ ᠭᠠᠷᠬᠤ ᠠᠮᠤᠷ ᠲᠦᠪᠰᠢᠨ ᠢ ᠪᠠᠲᠤᠯᠠᠪᠠ᠃     ᠬᠤᠶᠠᠷ ᠲᠤ᠂ ᠬᠤᠲᠠ ᠶᠢᠨ ᠬᠤᠭᠤᠯᠠᠶ ᠶᠢᠨ ᠲᠣᠤᠷ ᠲᠠᠰ ᠳᠡᠪᠰᠢᠪᠡ᠃ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 10 ᠺᠢᠯᠣᠮᠧᠲᠷ ᠬᠠᠭᠤᠴᠢᠷᠬᠠᠰᠠᠨ ᠤᠰᠤ ᠬᠠᠩᠭᠠᠬᠤ ᠬᠤᠭᠤᠯᠠᠶ ᠶᠢᠨ ᠲᠣᠤᠷ ᠢ ᠰᠢᠨᠡᠳᠬᠡᠵᠦ᠂ ᠤᠰᠤ ᠬᠠᠩᠭᠠᠬᠤ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠂ ᠬᠤᠭᠤᠯᠠᠶ ᠶᠢᠨ ᠲᠣᠤᠷ ᠤᠨ ᠭᠤᠭᠤᠵᠢᠭᠳᠠᠭᠰᠠᠨ ᠨᠣᠷᠮ᠎ᠠ ᠶᠢ 15% ᠪᠠᠷ ᠪᠠᠭᠤᠷᠠᠭᠤᠯᠤᠨ᠎ᠠ᠃ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠵᠤ ᠭᠠᠷᠭᠠᠭᠰᠠᠨ ᠤᠰᠤ ᠵᠠᠯᠠᠬᠤ ᠬᠤᠭᠤᠯᠠᠶ ᠶᠢᠨ ᠲᠣᠤᠷ ᠢ 12 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠤᠲᠠ ᠶᠢᠨ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠂ ᠬᠤᠲᠠ ᠶᠢᠨ ᠤᠰᠤᠲᠤᠯ ᠤᠨ ᠭᠠᠵᠠᠷ ᠢ 60% ᠪᠠᠷ ᠪᠠᠭᠠᠰᠬᠠᠪᠠ᠃ ᠢᠯᠴᠢ ᠬᠠᠩᠭᠠᠬᠤ ᠬᠤᠭᠤᠯᠠᠶ ᠶᠢᠨ ᠲᠣᠤᠷ ᠢ 18 ᠺᠢᠯᠣᠮᠧᠲᠷ ᠥᠭᠡᠷᠡᠴᠢᠯᠡᠵᠦ ᠂ ᠲᠥᠪᠯᠡᠷᠡᠭᠦᠯᠦᠨ ᠢᠯᠴᠢ ᠬᠠᠩᠭᠠᠬᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠢᠯᠴᠢ ᠬᠠᠩᠭᠠᠬᠤ ᠲᠠᠯᠠᠪᠠᠶ ᠶᠢ 50 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ᠃     ᠭᠤᠷᠪᠠ ᠳᠤ ᠴᠡᠴᠡᠷᠯᠢᠭ ᠤᠨ ᠨᠣᠭᠤᠭᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ 5 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠨᠣᠭᠤᠭᠠᠨ ᠬᠥᠷᠥᠰᠥ ᠶᠢᠨ ᠲᠠᠯᠠᠪᠠᠶ ᠶᠢ 20 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠶ ᠶᠢ 15 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 40% ᠬᠦᠷᠲᠡᠯ᠎ᠡ ᠳᠡᠭᠡᠭᠰᠢᠯᠡᠭᠦᠯᠦᠨ᠎ᠡ᠃ ᠡᠲᠡᠭᠡᠷ ᠴᠡᠴᠡᠷᠯᠢᠭ ᠤᠨ ᠨᠣᠭᠤᠭᠠᠨ ᠬᠥᠷᠥᠰᠥ ᠳᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠰᠡᠯᠡᠭᠦᠴᠡᠯ ᠤᠨ ᠰᠠᠭᠤᠳᠠᠯ ᠵᠡᠷᠭᠡ ᠪᠡᠯᠡᠳᠬᠡᠮᠵᠢ ᠶᠢ ᠳᠣᠭᠢᠷᠠᠭᠤᠯᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠰᠡᠯᠡᠭᠦᠴᠡᠯ ᠤᠨ ᠰᠠᠶᠢᠨ ᠭᠠᠵᠠᠷ ᠪᠣᠯᠵᠣ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠲᠥᠷᠥᠭᠳᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号