| ᠨᠢᠭᠡ ᠳᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ | ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠠᠴᠠ ᠨᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠣᠬᠢᠷᠲᠤᠯ | ᠭᠠᠳᠠᠭᠰᠢᠯᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ | ᠤᠭᠰᠠᠷᠠᠵᠤ᠂ 24 ᠴᠠᠭ ᠢᠶᠠᠷ ᠴᠠᠭ ᠲᠤᠬᠠᠶ ᠳᠤᠨᠢ ᠬᠢᠨᠠᠨ ᠡᠵᠡᠮᠳᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠲᠣᠭᠲᠠᠪᠤᠷᠢᠵᠢᠭᠤᠯᠤᠨ᠎ᠠ᠃ | ᠨᠡᠭᠦᠷᠡᠰᠦ ᠰᠢᠲᠠᠭᠠᠬᠤ ᠭᠦᠸᠧᠯᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ 10 ᠠᠭᠤᠷᠰᠢᠯᠳᠤ | ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ 50 ᠵᠤᠤᠬ᠎ᠠ ᠶᠢ ᠰᠢᠭᠰᠢᠭᠳᠡᠭᠦᠯᠵᠦ ᠥᠭᠡᠷᠡᠴᠢᠯᠡᠨ | ᠰᠠᠶᠢᠵᠢᠷᠠᠭᠤᠯᠵᠤ᠂ ᠴᠡᠪᠡᠷ ᠡᠨᠧᠷᠭᠢ ᠪᠠᠷ ᠣᠷᠣᠯᠠᠭᠤᠯᠬᠤ ᠶᠢ ᠳᠡᠯᠭᠡᠷᠡᠭᠦᠯᠦᠨ᠂ ᠨᠡᠭᠦᠷᠡᠰᠦᠨ ᠤ ᠬᠡᠷᠡᠭᠯᠡᠭᠡᠨ ᠤ | ᠶᠡᠷᠦᠩᠬᠡᠶ ᠬᠡᠮᠵᠢᠶ᠎ᠡ ᠶᠢ 20 ᠲᠦᠮᠡᠨ ᠲᠣᠨ ᠪᠠᠭᠠᠰᠬᠠᠪᠠ᠃ ᠮᠠᠰᠢᠨᠲᠤ ᠲᠡᠷᠭᠡᠨ ᠤ ᠤᠳᠤᠭ᠎ᠠ ᠬᠡᠢ ᠶᠢ ᠵᠠᠰᠠᠬᠤ ᠶᠢ | ᠴᠢᠩᠭᠠᠳᠬᠠᠵᠤ᠂ ᠮᠠᠰᠢᠨᠲᠤ ᠲᠡᠷᠭᠡᠨ ᠤ ᠤᠳᠤᠭ᠎ᠠ ᠬᠡᠢ ᠶᠢ ᠪᠠᠶᠢᠴᠠᠭᠠᠨ ᠬᠡᠮᠵᠢᠬᠦ 5 ᠥᠷᠲᠡᠭᠡ ᠪᠠᠶᠢᠭᠤᠯᠵᠤ᠂ | ᠰᠡᠭᠦᠯ ᠤᠨ ᠬᠡᠢ ᠶᠢᠨ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠡᠨᠡ ᠵᠢᠯ ᠤᠨ ᠠᠭᠠᠷ ᠤᠨ ᠶᠠᠰᠤ | ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 85% ᠳᠤ ᠬᠦᠷᠭᠡᠵᠦ᠂ ᠨᠢᠳᠤᠨᠤᠨ ᠤ ᠬᠢ ᠠᠴᠠ | ᠵᠠᠭᠤᠨ ᠤ 3 % ᠪᠠᠷ ᠳᠡᠭᠡᠭᠰᠢᠯᠡᠪᠡ᠃ | ᠬᠤᠶᠠᠷ ᠲᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠭᠤᠣᠯ | ᠮᠥᠷᠡᠨ ᠤ ᠳᠠᠷᠤᠭ᠎ᠠ ᠨᠡᠶᠢᠳᠡ 3000 ᠭᠠᠷᠤᠢ ᠤᠳᠠᠭ᠎ᠠ ᠭᠤᠣᠯ ᠮᠥᠷᠡᠨ ᠢ ᠲᠣᠭᠤᠷᠢᠨ ᠪᠠᠶᠢᠴᠠᠭᠠᠵᠤ᠂ 200 | ᠭᠠᠷᠤᠢ ᠭᠤᠣᠯ ᠮᠥᠷᠡᠨ ᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠪᠡ᠃ ᠭᠤᠣᠯᠳᠠᠯᠭ᠎ᠠ ᠲᠠᠢ | ᠰᠠᠪᠠ ᠭᠠᠵᠠᠷ ᠤᠨ ᠵᠠᠰᠠᠯᠲᠠ ᠶᠢ ᠴᠢᠩᠭᠠᠳᠬᠠᠵᠤ᠂ 1.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ | ᠯᠤᠤᠬ᠎ᠠ ᠶᠢᠨ ᠭᠤᠣᠯ᠂ ᠬᠦᠨᠳᠡᠯᠡᠨ ᠭᠤᠣᠯ ᠵᠡᠷᠭᠡ ᠰᠠᠪᠠ ᠭᠠᠵᠠᠷ ᠤᠨ ᠠᠮᠢ ᠠᠬᠤᠢ ᠶᠢᠨ ᠰᠡᠷᠭᠦᠭᠡᠯᠲᠡ ᠶᠢ ᠬᠢᠵᠦ᠂ 5 | ᠲᠦᠮᠡᠨ ᠲᠣᠨ ᠭᠤᠣᠯ ᠤᠨ ᠭᠡᠪᠡᠯᠢ ᠶᠢᠨ ᠬᠤᠭ ᠨᠣᠪᠰᠢ ᠶᠢ ᠴᠡᠪᠡᠷᠯᠡᠵᠦ᠂ 30 ᠪᠣᠬᠢᠷ ᠪᠣᠳᠠᠰ ᠭᠠᠳᠠᠭᠰᠢᠯᠠᠭᠤᠯᠬᠤ | ᠠᠮᠠ ᠶᠢ ᠴᠡᠭᠴᠡᠯᠡᠨ ᠵᠠᠰᠠᠪᠠ᠃ ᠪᠣᠬᠢᠷ ᠤᠰᠤ ᠰᠢᠢᠳᠪᠦᠷᠢᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠬᠤ ᠪᠠ ᠳᠡᠰ ᠳᠡᠪᠰᠢᠭᠦᠯᠦᠨ | ᠥᠭᠡᠷᠡᠴᠢᠯᠡᠵᠦ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ 30% ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ | ᠪᠣᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠨᠣᠷᠮ᠎ᠠ ᠶᠢ 98% ᠳᠤ ᠬᠦᠷᠦᠭᠦᠯᠵᠦ᠂ ᠭᠤᠣᠯ ᠪᠣᠯᠬᠤ ᠭᠤᠣᠯ | ᠮᠥᠷᠡᠨ ᠤ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠪᠡ᠃ | ᠭᠤᠷᠪᠠ ᠳᠤ᠂ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠶᠢ ᠦᠷᠭᠦᠯᠵᠢᠯᠡᠨ ᠥᠷᠨᠢᠭᠦᠯᠦᠨ᠎ᠡ᠃ 5 ᠲᠦᠮᠡᠨ | ᠮᠥ ᠬᠥᠮᠦᠨ ᠤ ᠬᠦᠴᠦ ᠪᠠᠷ ᠣᠶᠢᠵᠢᠭᠤᠯᠵᠤ᠂ 3 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ ᠣᠶ | ᠰᠢᠭᠤᠶ ᠶᠢᠨ ᠪᠦᠷᠬᠦᠴᠡ ᠶᠢᠨ ᠨᠣᠷᠮ᠎ᠠ ᠶᠢ 45% ᠳᠤ ᠬᠦᠷᠭᠡᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ | ᠲᠣᠭᠲᠠᠭᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠵᠤ᠂ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠨ᠎ᠠ᠃ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠵᠤ᠂ ᠨᠢᠩᠴᠧᠩ ᠰᠢᠶᠠᠨ ᠤ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠪᠠ᠃ |