ᠨᠢᠩᠴᠧᠩ ᠰᠢᠶᠠᠨ ᠤ ᠵᠢᠯ ᠤᠨ ᠭᠠᠷᠤᠯᠲᠠ 6 ᠲᠦᠮᠡᠨ ᠲᠣᠨ ᠲᠥᠮᠥᠰᠥ ᠭᠦᠨᠵᠡᠭᠡᠶ ᠡᠳ᠋ᠰᠢᠭᠦᠯᠬᠦ ᠲᠥᠷᠥᠯ ᠵᠦᠢᠯ ᠬᠢᠨᠠᠨ ᠵᠦᠪᠰᠢᠶᠡᠷᠡᠯ ᠢ ᠣᠯᠪᠠ
ᠨᠡᠶᠢᠲᠡᠯᠡᠭᠰᠡᠨ ᠴᠠᠭ᠄
2025/4/2
    ᠲᠣᠰ ᠲᠥᠷᠥᠯ ᠵᠦᠢᠯ ᠳᠡᠭᠡᠷ᠎ᠡ ᠬᠤᠷᠤᠭ᠎ᠠ ᠪᠠᠯᠭᠠᠰᠤᠨ ᠤ ᠸᠠ ᠨᠠᠨ ᠲᠣᠰᠬᠤᠨ ᠳᠤ  ᠪᠠᠶᠢᠷᠢᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 2000 ᠲᠦᠮᠡᠨ ᠲᠥᠭᠦᠷᠢᠭ ᠪᠠᠶᠢᠵᠤ᠂ 15 ᠮᠦ ᠲᠠᠯᠠᠪᠠᠢ ᠡᠵᠡᠯᠡᠨ᠂ 4300 ᠲᠡᠭᠰᠢ ᠳᠥᠷᠪᠡᠯᠵᠢᠨ ᠮᠧᠲᠷ ᠣᠳᠣᠬᠢᠴᠢᠯᠠᠭᠰᠠᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠬᠤ ᠪᠠᠷ ᠲᠥᠯᠥᠪᠯᠡᠵᠦ᠂ ᠳᠡᠯᠡᠬᠡᠢ ᠶᠢᠨ ᠲᠡᠷᠢᠭᠦᠨ ᠤ ᠴᠠᠷᠳᠠᠭᠤᠯ᠂ ᠨᠤᠨᠳᠠᠭ ᠤᠨ ᠤᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠲᠤᠰ ᠪᠦᠷᠢ 1 ᠵᠤᠷᠪᠤᠰ ᠲᠣᠬᠢᠷᠠᠭᠤᠯᠤᠨ᠎ᠠ᠃ ᠲᠥᠷᠥᠯ ᠵᠦᠢᠯ ᠳᠤ ︽ᠲᠤᠬᠠᠶ ᠶᠢᠨ ᠵᠢᠯ ᠳᠤ ᠪᠥᠲᠥᠭᠡᠨ ᠪᠠᠶᠢᠭᠤᠯᠵᠤ᠂ ᠲᠣᠰ ᠵᠢᠯ ᠳᠤ ᠠᠰᠢᠭᠯᠠᠯᠲᠠ ᠳᠤ ᠣᠷᠣᠭᠤᠯᠬᠤ︾ ᠠᠬᠢᠭᠤᠯᠬᠤ ᠵᠠᠭᠪᠤᠷ ᠢ ᠬᠡᠷᠡᠭᠯᠡᠵᠦ᠂ ᠪᠥᠲᠥᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠨᠢ 2025 ᠣᠨ ᠤ 4 ᠰᠠᠷ᠎ᠠ ᠠᠴᠠ 10 ᠰᠠᠷ᠎ᠠ ᠪᠣᠯᠲᠠᠯ᠎ᠠ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ ᠵᠢᠯ ᠳᠤ 6 ᠲᠦᠮᠡᠨ ᠲᠣᠨ ᠰᠢᠨ᠎ᠡ ᠰᠣᠷᠭᠤᠭ ᠲᠥᠮᠥᠰᠥ ᠶᠢ ᠡᠳ᠋ᠰᠢᠭᠦᠯᠵᠦ ᠂ ᠵᠢᠯ ᠳᠤ 1.2 ᠲᠦᠮᠡᠨ ᠲᠣᠨ ᠴᠠᠷᠳᠠᠭᠤᠯ᠂ 6000 ᠲᠣᠨ ᠹᠧᠨᠲ᠋ᠢᠶᠣᠣᠷ ᠦᠢᠯᠡᠳᠪᠤᠷᠢᠯᠡᠨ᠂ ᠵᠢᠯ ᠤᠨ ᠦᠢᠯᠡᠳᠬᠦᠨ ᠤ ᠥᠷᠲᠡᠭ ᠨᠢ 1.1 ᠳ᠋ᠦᠩᠰᠢᠭᠤᠷ ᠲᠥᠭᠦᠷᠢᠭ ᠲᠤ ᠬᠦᠷᠴᠦ᠂ 40 ᠠᠵᠢᠯ ᠤᠨ ᠪᠠᠶᠢᠷᠢ ᠶᠢ ᠰᠢᠭᠤᠳ ᠬᠠᠩᠭᠠᠵᠤ᠂ 400 ᠭᠠᠷᠤᠶ ᠲᠠᠷᠢᠮᠠᠯ ᠤᠨ ᠡᠷᠦᠬᠡ ᠶᠢ ᠳᠠᠮ ᠢᠶᠠᠷ ᠳᠠᠶᠢᠴᠢᠯᠠᠨ᠎ᠠ᠃ ᠵᠢᠯ ᠪᠦᠷᠢ ᠲᠣᠰ ᠭᠠᠵᠠᠷ ᠤᠨ ᠲᠥᠮᠥᠰᠥ ᠶᠢᠨ ᠭᠠᠷᠤᠯᠲᠠ ᠶᠢᠨ 60% ᠶᠢ ᠰᠢᠩᠭᠡᠭᠡᠵᠦ᠂ ᠲᠠᠷᠢᠮᠠᠯ ᠤᠨ ᠡᠷᠦᠬᠡ ᠶᠢᠨ ᠮᠥ ᠪᠦᠷᠢ ᠶᠢᠨ ᠳᠤᠮᠳᠠᠴᠢ ᠣᠷᠣᠯᠭ᠎ᠠ ᠶᠢ 500 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢᠨ ᠬᠠᠮᠲᠤ ᠪᠣᠭᠤᠳᠠᠯᠯᠠᠬᠤ᠂ ᠪᠠᠷᠠᠭᠠᠨ ᠤ ᠭᠦᠢᠯᠭᠡᠭᠡ ᠂  ᠡᠯᠧᠺᠲᠷᠣᠨ ᠬᠤᠳᠠᠯᠳᠤᠭ᠎ᠠ ᠵᠡᠷᠭᠡ ᠢᠵᠢ ᠪᠥᠷᠢᠳᠦᠭᠦᠯᠬᠦ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号