ᠨᠢᠩᠴᠧᠩ ᠰᠢᠶᠠᠨ ︽ᠠᠮᠢ ᠠᠬᠤᠶ ᠶᠢ ᠰᠡᠷᠭᠦᠭᠡᠨ ᠵᠠᠰᠠᠬᠤ+ᠪᠣᠬᠢᠷᠲᠤᠯ ᠥᠬᠡᠶ ᠬᠥᠭᠵᠢᠭᠦᠯᠬᠦ︾ ᠪᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/23
    ᠨᠢᠭᠡ ᠳᠤ᠂ ︽ᠠᠮᠢ ᠠᠬᠤᠶ ᠶᠢ ᠰᠡᠷᠭᠦᠭᠡᠨ ᠵᠠᠰᠠᠬᠤ︾ ᠪᠠᠷ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠪᠠ᠃ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠᠷ ᠳᠠᠮᠵᠢᠭᠤᠯᠤᠨ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠠᠯᠠᠪᠠᠶ ᠶᠢ 6000 ᠮᠥ ᠪᠡᠶᠡᠯᠡᠭᠦᠯᠪᠡ᠃ ᠬᠤᠷᠬᠤᠭ ᠭᠤᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢᠯᠡᠳᠲᠡ ᠦᠷ᠎ᠡ ᠪᠦᠲᠦᠮᠵᠢ ᠣᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 56% ᠳᠤ ᠬᠦᠷᠭᠡᠪᠡ᠃   ᠬᠤᠶᠠᠷ ᠲᠤ᠂ ︽ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠵᠤ︾ ᠠᠮᠢ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠪᠠ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠬᠢᠭᠡᠳ ᠲᠥᠬᠦᠭᠡᠷᠦᠮᠵᠢ ᠶᠢ ᠬᠡᠷᠡᠭᠯᠡᠨ᠂ ᠨᠢᠭᠡᠴᠢ ᠦᠢᠯᠡᠳᠬᠦᠨ ᠤ ᠥᠷᠲᠡᠭ ᠤᠨ ᠡᠨᠧᠷᠭᠢ ᠶᠢᠨ ᠬᠤᠷᠣᠭᠳᠠᠯ ᠢ ᠤᠯᠠᠮ ᠨᠢᠭᠡ ᠠᠯᠬᠤᠮ ᠪᠠᠭᠤᠷᠠᠭᠤᠯᠪᠠ᠃ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠴᠡᠪᠡᠷ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠳᠡᠭᠡᠭᠰᠢᠯᠡᠪᠡ᠃  ᠭᠤᠷᠪᠠ ᠳᠤ᠂ ︽ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ︾ ᠶᠢ ᠴᠢᠩᠭᠠᠳᠬᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠪᠡ᠃ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠠᠮᠢ ᠠᠬᠤᠶ ᠶᠢᠨ ᠣᠷᠴᠢᠨ ᠲᠣᠭᠤᠷᠢᠨ ᠢ ᠬᠥᠳᠡᠯᠦᠩᠭᠦᠶ ᠪᠠᠷ ᠬᠢᠨᠠᠨ ᠬᠡᠮᠵᠢᠬᠦ ᠶᠢ  ᠪᠡᠶᠡᠯᠡᠭᠦᠯᠪᠡ᠃ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠥᠷᠲᠡᠭᠡ ᠴᠡᠭ ᠢ 5 ᠰᠢᠨ᠎ᠡ ᠪᠠᠷ ᠨᠡᠮᠡᠭᠳᠡᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠳᠤ ᠪᠦᠬᠦᠨ ᠢ ᠬᠠᠮᠤᠷᠤᠨ ᠬᠢᠨᠠᠨ ᠰᠢᠨᠵᠢᠬᠦ ᠶᠢ  ᠪᠡᠶᠡᠯᠡᠭᠦᠯᠪᠡ᠃ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ  ᠡᠪᠲᠡᠨ ᠬᠠᠤᠯᠢ ᠠᠴᠠ ᠵᠥᠷᠢᠴᠡᠭᠰᠡᠨ 20 ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃    ᠨᠢᠭᠡ ᠳᠤ᠂ ︽ᠠᠮᠢ ᠠᠬᠤᠶ ᠶᠢ ᠰᠡᠷᠭᠦᠭᠡᠨ ᠵᠠᠰᠠᠬᠤ︾ ᠪᠠᠷ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠪᠠ᠃ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠᠷ ᠳᠠᠮᠵᠢᠭᠤᠯᠤᠨ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠠᠯᠠᠪᠠᠶ ᠶᠢ 6000 ᠮᠥ ᠪᠡᠶᠡᠯᠡᠭᠦᠯᠪᠡ᠃ ᠬᠤᠷᠬᠤᠭ ᠭᠤᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢᠯᠡᠳᠲᠡ ᠦᠷ᠎ᠡ ᠪᠦᠲᠦᠮᠵᠢ ᠣᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 56% ᠳᠤ ᠬᠦᠷᠭᠡᠪᠡ᠃   ᠬᠤᠶᠠᠷ ᠲᠤ᠂ ︽ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠵᠤ︾ ᠠᠮᠢ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠪᠠ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠬᠢᠭᠡᠳ ᠲᠥᠬᠦᠭᠡᠷᠦᠮᠵᠢ ᠶᠢ ᠬᠡᠷᠡᠭᠯᠡᠨ᠂ ᠨᠢᠭᠡᠴᠢ ᠦᠢᠯᠡᠳᠬᠦᠨ ᠤ ᠥᠷᠲᠡᠭ ᠤᠨ ᠡᠨᠧᠷᠭᠢ ᠶᠢᠨ ᠬᠤᠷᠣᠭᠳᠠᠯ ᠢ ᠤᠯᠠᠮ ᠨᠢᠭᠡ ᠠᠯᠬᠤᠮ ᠪᠠᠭᠤᠷᠠᠭᠤᠯᠪᠠ᠃ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠴᠡᠪᠡᠷ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠳᠡᠭᠡᠭᠰᠢᠯᠡᠪᠡ᠃  ᠭᠤᠷᠪᠠ ᠳᠤ᠂ ︽ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ︾ ᠶᠢ ᠴᠢᠩᠭᠠᠳᠬᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠪᠡ᠃ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠠᠮᠢ ᠠᠬᠤᠶ ᠶᠢᠨ ᠣᠷᠴᠢᠨ ᠲᠣᠭᠤᠷᠢᠨ ᠢ ᠬᠥᠳᠡᠯᠦᠩᠭᠦᠶ ᠪᠠᠷ ᠬᠢᠨᠠᠨ ᠬᠡᠮᠵᠢᠬᠦ ᠶᠢ  ᠪᠡᠶᠡᠯᠡᠭᠦᠯᠪᠡ᠃ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠥᠷᠲᠡᠭᠡ ᠴᠡᠭ ᠢ 5 ᠰᠢᠨ᠎ᠡ ᠪᠠᠷ ᠨᠡᠮᠡᠭᠳᠡᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠳᠤ ᠪᠦᠬᠦᠨ ᠢ ᠬᠠᠮᠤᠷᠤᠨ ᠬᠢᠨᠠᠨ ᠰᠢᠨᠵᠢᠬᠦ ᠶᠢ  ᠪᠡᠶᠡᠯᠡᠭᠦᠯᠪᠡ᠃ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ  ᠡᠪᠲᠡᠨ ᠬᠠᠤᠯᠢ ᠠᠴᠠ ᠵᠥᠷᠢᠴᠡᠭᠰᠡᠨ 20 ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号