| ᠨᠢᠭᠡ ᠳᠤ᠂ ︽ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ︾ ᠪᠠᠷ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠬᠥᠭᠵᠢᠯᠲᠡ ᠶᠢ ᠠᠬᠢᠭᠤᠯᠪᠠ᠃ ᠬᠢᠴᠢᠶᠡᠯ ᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠠᠬᠢᠭᠤᠯᠪᠠ᠃ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠪᠴᠢᠶ᠎ᠡ ᠶᠢ | ᠥᠷᠭᠡᠳᠬᠡᠵᠦ᠂ ᠳᠤᠭᠤᠶᠢᠯᠠᠩ ᠬᠠᠮᠲᠤᠷᠠᠨ ᠰᠤᠷᠤᠯᠴᠠᠬᠤ᠂ ᠰᠦᠪᠡᠭᠴᠢᠯᠡᠬᠦ ᠮᠠᠶ᠋ᠢᠭ ᠤᠨ ᠰᠤᠷᠤᠯᠴᠠᠯᠭ᠎ᠠ ᠵᠡᠷᠭᠡ ᠵᠢᠭᠠᠨ | ᠰᠤᠷᠭᠠᠯᠲᠠ ᠶᠢᠨ ᠵᠠᠭᠪᠤᠷ ᠢ 50% ᠶᠢᠨ ᠳᠤᠮᠳᠠᠳᠤ ᠪᠠᠭ᠎ᠠ ᠰᠤᠷᠭᠠᠭᠤᠯᠢ ᠳᠤ ᠳᠡᠯᠭᠡᠷᠡᠭᠦᠯᠪᠡ᠃ ᠲᠢᠶᠠᠨ ᠢ ᠶᠢᠨ | ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠬᠢᠴᠢᠶᠡᠯ ᠤᠨ ᠥᠭᠡᠷᠡᠴᠢᠯᠡᠯᠲᠡ ᠶᠢᠨ ᠳᠠᠷᠠᠭ᠎ᠠ᠂ | ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠯᠢᠳᠡᠭ ᠨᠣᠷᠮ᠎ᠠ ᠶᠢ 30% ᠪᠣᠯᠲᠠᠯ᠎ᠠ | ᠳᠡᠭᠡᠭᠰᠢᠯᠡᠭᠦᠯᠪᠡ᠃ | ᠬᠤᠶᠠᠷ ᠲᠤ᠂ ︽ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ︾ ᠶᠢ ᠠᠬᠢᠭᠤᠯᠵᠤ᠂ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ | ᠦᠷᠭᠦᠯᠵᠢᠯᠡᠨ ᠨᠡᠮᠡᠭᠳᠡᠭᠦᠯᠵᠦ᠂ ᠰᠤᠷᠭᠠᠭᠤᠯᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ | ᠥᠷᠭᠡᠳᠬᠡᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠰᠤᠷᠤᠯᠭ᠎ᠠ ᠶᠢᠨ ᠣᠷᠣ ᠶᠢᠨ ᠲᠤᠭ᠎ᠠ ᠶᠢ | 4000 ᠭᠠᠷᠤᠶ ᠰᠢᠨ᠎ᠡ ᠪᠠᠷ ᠨᠡᠮᠡᠭᠳᠡᠭᠦᠯᠪᠡ᠃ ᠬᠤᠲᠠ ᠬᠥᠳᠡᠭᠡ ᠶᠢᠨ ᠰᠤᠷᠭᠠᠨ ᠬᠥᠮᠦᠵᠢᠯ ᠢ ᠨᠢᠭᠡ | ᠴᠣᠭᠴᠠᠵᠢᠭᠤᠯᠬᠤ ᠠᠬᠢᠴᠠ ᠲᠦᠷᠭᠡᠳᠴᠦ᠂ ᠬᠤᠤᠰᠯᠠᠯ ᠪᠠᠶᠢᠭᠤᠯᠤᠨ ᠬᠠᠪᠰᠤᠷᠤᠨ ᠲᠡᠳᠬᠦᠬᠦ ᠰᠤᠷᠭᠠᠭᠤᠯᠢ ᠶᠢᠨ | ᠲᠤᠭ᠎ᠠ ᠬᠡᠮᠵᠢᠶ᠎ᠡ 50 ᠬᠤᠣᠰ ᠪᠣᠯᠵᠤ ᠨᠡᠮᠡᠭᠳᠡᠪᠡ᠃ | ᠭᠤᠷᠪᠠ ᠳᠤ᠂ ︽ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠢ ᠬᠥᠮᠦᠵᠢᠭᠦᠯᠵᠦ︾ ᠰᠠᠶᠢᠨ ᠰᠠᠶᠢᠬᠠᠨ | ᠰᠤᠷᠭᠠᠨ ᠬᠥᠮᠦᠵᠢᠯ ᠤᠨ ᠠᠮᠢ ᠠᠬᠤᠶ ᠶᠢ ᠪᠠᠶᠢᠭᠤᠯᠤᠨ᠎ᠠ᠃ ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ | ᠬᠥᠮᠦᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠷ ᠤᠨ ᠠᠬᠠᠮᠠᠳ ᠢ ᠵᠣᠬᠢᠶᠠᠨ ᠪᠠᠶᠢᠭᠤᠯᠤᠨ | ᠰᠤᠷᠭᠠᠭᠤᠯᠢ ᠶᠢᠨ ᠡᠷᠬᠢᠯᠡᠭᠰᠡᠨ ᠪᠤᠯᠪᠠᠰᠤᠷᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠤᠷᠤᠯᠴᠠᠭᠤᠯᠵᠦ᠂ ᠭᠡᠷ ᠤᠨ | ᠠᠬᠠᠮᠠᠳ ᠤᠨ ᠰᠤᠷᠭᠠᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠷᠤᠭᠴᠢᠳ ᠲᠤ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠪᠣᠯᠤᠨ | ᠬᠢᠴᠢᠶᠡᠯ ᠤᠨ ᠭᠠᠳᠠᠨᠠᠬᠢ ᠰᠤᠷᠤᠯᠴᠠᠬᠤ ᠲᠠᠯᠠᠪᠤᠷ ᠬᠠᠩᠭᠠᠨ᠎ᠠ᠃ ᠭᠤᠷᠪᠠᠨ ᠲᠠᠯ᠎ᠠ ᠶᠢᠨ ᠬᠠᠮᠵᠢᠯᠴᠠᠭ᠎ᠠ ᠪᠠᠷ | ᠳᠠᠮᠵᠢᠭᠤᠯᠤᠨ᠂ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠤᠷᠤᠭᠴᠢᠳ ᠤᠨ ᠪᠥᠬᠦ | ᠲᠠᠯ᠎ᠠ ᠪᠠᠷ ᠬᠥᠭᠵᠢᠬᠦ ᠶᠢ ᠬᠠᠮᠲᠤ ᠪᠠᠷ ᠠᠬᠢᠭᠤᠯᠵᠤ᠂ ᠬᠡᠷ ᠤᠨ ᠠᠬᠠᠮᠠᠳ ᠤᠨ ᠰᠤᠷᠭᠠᠭᠤᠯᠢ ᠶᠢᠨ ᠰᠤᠷᠭᠠᠨ | ᠬᠥᠮᠦᠵᠢᠯ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ 95% ᠠᠴᠠ ᠳᠡᠭᠡᠭᠰᠢ ᠳᠤ ᠬᠦᠷᠦᠭᠦᠯᠦᠨ᠎ᠡ᠃ 2025 ᠣᠨ ᠳᠤ | ᠂ ᠬᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠨᠠᠩ ᠲᠡᠭᠦᠯᠳᠡᠷᠵᠢᠭᠦᠯᠵᠦ᠂ | ᠬᠡᠷ ᠤᠨ ᠠᠬᠠᠮᠠᠳ ᠤᠨ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠬᠢᠴᠢᠶᠡᠯ ᠢ ᠨᠠᠩ ᠪᠠᠶᠠᠯᠢᠭᠵᠢᠭᠤᠯᠤᠨ᠂ ᠪᠣᠳᠠᠲᠤ | ᠬᠡᠷᠡᠭᠴᠡᠭᠡ ᠲᠠᠢ ᠪᠣᠯᠭᠠᠵᠤ᠂ ᠪᠥᠬᠦ ᠵᠢᠯ ᠳᠤ 20 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ | 5000 ᠬᠥᠮᠦᠨ ᠤᠳᠠᠭ᠎ᠠ ᠶᠢ ᠣᠷᠣᠯᠴᠠᠵᠠᠶ᠃ |