| ᠨᠢᠭᠡ ᠳᠤ᠂ ︽ᠠᠵᠢᠯ ᠣᠯᠭᠤᠯᠲᠠ ᠪᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠵᠦ᠂ | ᠬᠥᠳᠡᠯᠮᠦᠷᠢᠴᠢᠳ ᠤᠨ ᠠᠵᠢᠯ ᠣᠯᠭᠤᠯᠲᠠ ᠳᠤ ᠬᠦᠴᠦᠨ ᠨᠡᠮᠡᠷᠢᠯᠡᠪᠡ᠃ ᠨᠢᠭᠡᠳᠦᠭᠡᠷ ᠤᠯᠠᠷᠢᠯ ᠳᠤ ᠠᠵᠢᠯ | ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠤᠯᠠᠮ ᠨᠢᠭᠡ ᠠᠯᠬᠤᠮ ᠴᠢᠩᠭᠠᠷᠠᠵᠤ᠂ ᠠᠵᠢᠯ ᠤᠨ | ᠪᠠᠶᠢᠷᠢ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢ 10% ᠪᠠᠷ | ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠨᠠᠩ ᠨᠡᠶᠢᠴᠡᠭᠦᠯᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠣᠶᠤᠨᠴᠢ ᠦᠢᠯᠡᠳᠬᠡᠯ | ᠵᠡᠷᠭᠡ ᠬᠠᠯᠠᠮᠰᠢᠯ ᠬᠢᠴᠢᠶᠡᠯ ᠨᠡᠭᠡᠭᠡᠵᠦ᠂ ᠪᠣᠯᠪᠠᠰᠤᠷᠠᠯ ᠤᠨ ᠬᠥᠮᠦᠨ ᠤ ᠲᠤᠭ᠎ᠠ ᠨᠢ 3000 ᠬᠥᠮᠦᠨ ᠳᠤ ᠬᠦᠷᠴᠡᠶ᠃ | ᠬᠤᠲᠠ ᠪᠠᠯᠭᠠᠰᠤᠨ ᠤ 3500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ | 600 ᠬᠥᠮᠦᠨ ᠳᠤ ᠳᠠᠬᠢᠨ ᠠᠵᠢᠯ ᠣᠯᠭᠤᠪᠠ᠃ | ᠬᠤᠶᠠᠷ ᠲᠤ᠂ ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ︾ ᠪᠠᠷ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠭᠡ ᠶᠢᠨ ᠲᠤᠭ᠎ᠠ ᠬᠡᠮᠵᠢᠶ᠎ᠡ ᠳᠡᠭᠡᠭᠰᠢᠯᠡᠵᠦ᠂ ᠭᠠᠷᠳᠠᠮ ᠢ ᠨᠠᠩ ᠲᠥᠬᠦᠮ ᠪᠣᠯᠭᠠᠵᠤ᠂ ᠡᠨᠡ ᠵᠢᠯ ᠠᠳᠠᠯ ᠦᠢᠯᠡᠰ | ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 4000 ᠲᠦᠮᠡᠨ ᠲᠥᠭᠦᠷᠢᠭ ᠲᠠᠯᠪᠢᠪᠠ᠃ ᠠᠳᠠᠯ ᠦᠢᠯᠡᠰ ᠴᠣᠭᠴᠠᠯᠠᠬᠤ | ᠨᠡᠪᠴᠢᠭᠦᠯᠬᠦ ᠰᠠᠭᠤᠷᠢᠨ ᠭᠠᠵᠠᠷ ᠤᠨ ᠦᠢᠯᠡᠴᠢᠯᠡᠭᠡᠨ ᠤ ᠲᠠᠰ ᠳᠡᠪᠰᠢᠵᠦ᠂ ᠠᠳᠠᠯ ᠦᠢᠯᠡᠰ ᠴᠣᠭᠴᠠᠯᠠᠭᠴᠢ ᠳᠤ ᠨᠠᠩ | ᠪᠥᠬᠦ ᠲᠠᠯ᠎ᠠ ᠶᠢᠨ ᠲᠠᠯᠠᠪᠤᠷ᠂ ᠪᠠᠯᠠ ᠮᠥᠩᠭᠦ᠂ ᠮᠡᠷᠭᠡᠵᠢᠯ ᠤᠨ ᠳᠡᠮᠵᠢᠯᠭᠡ ᠬᠠᠩᠭᠠᠵᠤ᠂ 400 ᠬᠥᠮᠦᠨ ᠢ ᠲᠡᠳᠬᠦᠨ | ᠳᠡᠮᠵᠢᠵᠦ᠂ 2000 ᠬᠥᠮᠦᠨ ᠳᠤ ᠠᠵᠢᠯ ᠣᠯᠭᠤᠬᠤ ᠶᠢ ᠳᠠᠶᠢᠴᠢᠯᠠᠪᠠ᠃ | ᠭᠤᠷᠪᠠ ᠳᠤ᠂ ︽ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ︾᠂ ᠠᠵᠢᠯ ᠣᠯᠭᠤᠯᠲᠠ ᠶᠢ | ᠵᠣᠬᠢᠴᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠢᠩᠴᠧᠩ ᠰᠢᠶᠠᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠣᠢ ᠪᠣᠯᠭᠠᠨ᠎ᠠ᠃ | ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠡᠯᠰᠡᠬᠦ ᠬᠤᠷᠠᠯ ᠡᠷᠭᠢᠯᠡᠵᠦ᠂ ᠡᠯ᠎ᠡ ᠲᠥᠷᠥᠯ ᠤᠨ ᠠᠵᠤ ᠠᠬᠤᠶᠢᠯᠠᠯ ᠢ | ᠤᠷᠢᠵᠤ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ ᠶᠢᠨ ᠬᠠᠮᠲᠤ ᠠᠵᠢᠯ ᠡᠷᠢᠭᠰᠡᠳ ᠲᠤ ᠠᠵᠢᠯ ᠮᠡᠷᠭᠡᠵᠢᠯ ᠤᠨ | ᠵᠢᠯᠣᠭᠤᠳᠣᠯᠭ᠎ᠠ᠂ ᠲᠣᠪᠴᠢ ᠨᠠᠮᠲᠠᠷ ᠢ ᠰᠢᠯᠢᠳᠡᠭᠵᠢᠭᠦᠯᠬᠦ ᠵᠡᠷᠭᠡ ᠦᠢᠯᠡᠴᠢᠯᠡᠭᠡ ᠬᠠᠩᠭᠠᠨ᠎ᠠ᠃ ᠲᠦᠢᠯ ᠤᠨ | ᠣᠨᠣᠪᠴᠢᠲᠠᠢ ᠪᠠᠷ ᠵᠤᠬᠢᠴᠠᠭᠤᠯᠬᠤ ᠪᠠᠷ ᠲᠠᠮᠵᠢᠨ᠂ ᠠᠵᠢᠯ ᠤᠯᠭᠤᠯᠳᠠ ᠶᠢᠨ ᠠᠮᠵᠢᠯᠳᠠ ᠤᠯᠬᠤ ᠨᠤᠷᠮ᠎ᠠ ᠶᠢ | ᠲᠡᠬᠡᠭᠰᠢᠯᠡᠬᠦᠯᠦᠨ᠎ᠠ᠃ ᠣᠲᠣ ᠪᠣᠯᠲᠠᠯ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠦᠷᠭᠦᠯᠵᠢᠯᠡᠨ | ᠰᠢᠯᠢᠳᠡᠭᠵᠢᠵᠦ᠂ ᠴᠢᠳᠠᠮᠵᠢ ᠨᠠᠩ ᠲᠡᠭᠦᠯᠳᠡᠷᠵᠢᠵᠦ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠲᠤᠭ᠎ᠠ 500 | ᠪᠣᠯᠲᠠᠯ᠎ᠠ ᠨᠡᠮᠡᠭᠳᠡᠵᠦ᠂ ᠤᠷᠢᠬᠤ ᠠᠵᠢᠯ ᠤᠨ ᠪᠠᠶᠢᠷᠢ ᠶᠢ 10000 ᠭᠠᠷᠤᠶ ᠨᠡᠶᠢᠲᠡᠯᠡᠪᠡ᠃ ᠲᠣᠭᠲᠠᠮᠠᠯ | ᠬᠤᠭᠤᠴᠠᠭ᠎ᠠ ᠲᠠᠢ ᠪᠠᠷ ᠡᠷᠭᠢᠯᠡᠭᠰᠡᠨ ᠠᠵᠢᠯᠲᠠᠨ ᠡᠯᠰᠡᠬᠦ ᠬᠤᠷᠠᠯ ᠤᠨ ᠬᠡᠪᠴᠢᠶ᠎ᠡ ᠨᠠᠩ ᠶᠡᠭᠡ᠂ ᠲᠤᠰᠬᠠᠶ | ᠮᠡᠷᠭᠡᠵᠢᠯ ᠤᠨ ᠴᠢᠨᠠᠷ ᠨᠠᠩ ᠴᠢᠩᠭ᠎ᠠ᠂ ᠪᠥᠬᠦ ᠵᠢᠯ ᠳᠤ ᠠᠵᠢᠯᠲᠠᠨ ᠡᠯᠰᠡᠬᠦ ᠴᠤᠭᠯᠠᠭᠠᠨ ᠢ 40 ᠤᠳᠠᠭ᠎ᠠ ᠡᠷᠭᠢᠯᠡᠨ᠎ᠡ᠃ | ᠠᠵᠢᠯ ᠡᠷᠢᠭᠰᠡᠳ ᠲᠤ ᠬᠠᠩᠭᠠᠭᠰᠠᠨ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠲᠣᠪᠴᠢ ᠨᠠᠮᠲᠠᠷ ᠢ ᠰᠢᠯᠢᠳᠡᠭᠵᠢᠭᠦᠯᠬᠦ | ᠵᠡᠷᠭᠡ ᠦᠢᠯᠡᠴᠢᠯᠡᠭᠡ ᠶᠢ ᠨᠡᠩ ᠣᠨᠣᠪᠴᠢᠲᠠᠢ ᠪᠥᠭᠡᠳ ᠥᠪᠡᠷᠮᠢᠴᠡ ᠪᠣᠯᠭᠠᠵᠤ᠂ ᠲᠠᠪᠴᠠᠩ ᠢᠶᠠᠷ ᠳᠠᠮᠵᠢᠨ ᠠᠵᠢᠯ | ᠣᠯᠭᠤᠯᠲᠠ ᠶᠢᠨ ᠬᠥᠮᠥᠨ ᠤ ᠲᠤᠭ᠎ᠠ ᠶᠢ 3000 ᠭᠠᠷᠤᠢ ᠪᠣᠯᠲᠠᠯ᠎ᠠ ᠨᠡᠮᠡᠭᠳᠡᠭᠦᠯᠵᠦ᠂ ᠠᠵᠢᠯ ᠣᠯᠭᠤᠯᠲᠠ ᠶᠢᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ | ᠪᠦᠲᠦᠮᠵᠢᠲᠡᠢ ᠲᠣᠭᠲᠠᠪᠤᠷᠢᠵᠢᠭᠤᠯᠪᠠ᠃ |