ᠨᠢᠩᠴᠧᠩ ᠰᠢᠶᠠᠨ ᠤ ︽ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ +ᠲᠡᠭᠡᠭᠡᠪᠦᠷᠢ ᠶᠢ ᠰᠢᠯᠢᠳᠡᠭᠵᠢᠭᠦᠯᠬᠦ︾ ᠪᠠᠷ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2025/4/25
    ᠨᠢᠭᠡ ᠳᠤ ︽ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ︾ ᠵᠠᠮ ᠬᠠᠷᠢᠯᠴᠠᠭᠠᠨ ᠤ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠪᠡ᠃ ᠡᠨᠡ ᠵᠢᠯ ᠤᠯᠤᠰ ᠤᠨ ᠵᠠᠮ ᠤᠨ 508 ᠲᠤᠤᠷ᠎ᠠ ᠬᠤᠷᠤᠭ᠎ᠠ ᠠᠴᠠ ᠫᠢᠩᠴᠢᠣᠸᠠᠨ ᠬᠦᠷᠬᠦ ᠵᠠᠰᠠᠮᠠᠯ ᠵᠠᠮ᠂ ᠢᠤᠢ ᠬᠤᠸᠠᠩ ᠯᠢᠶᠠᠩ ᠠᠴᠠ ᠰᠣᠩᠬᠢᠨ᠎ᠡ ᠶᠢᠨ ᠭᠤᠤ ᠬᠦᠷᠬᠦ ᠵᠠᠰᠠᠮᠠᠯ ᠵᠠᠮ ᠲᠡᠷᠭᠡ ᠨᠡᠪᠲᠡᠷᠡᠵᠦ᠂ ᠣᠷᠣᠨ ᠪᠦᠰᠡ ᠶᠢᠨ ᠵᠠᠮ ᠬᠠᠷᠢᠯᠴᠠᠭᠠᠨ ᠤ ᠪᠠᠶᠢᠳᠠᠯ ᠢ ᠶᠡᠭᠡ ᠪᠠᠷ ᠰᠠᠶᠢᠵᠢᠷᠠᠭᠤᠯᠪᠠ᠃ ᠬᠥᠳᠡᠭᠡ ᠲᠣᠰᠬᠤᠨ ᠤ ᠵᠠᠰᠠᠮᠠᠯ ᠵᠠᠮ ᠢ 30 ᠺᠢᠯᠣᠮᠧᠲᠷ ᠰᠢᠨ᠎ᠡ ᠪᠠᠷ ᠵᠠᠰᠠᠵᠤ᠂ 120 ᠺᠢᠯᠣᠮᠧᠲᠷ ᠠᠷᠠᠴᠢᠯᠠᠨ ᠬᠠᠮᠠᠭᠠᠯᠠᠵᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠰᠢᠶᠠᠨ ᠤ ᠵᠠᠮ ᠤᠨ 221 ᠱᠤᠭᠤᠮ ᠤᠨ ᠪᠠ ᠯᠢ ᠶᠢᠩᠽᠢ ᠠᠴᠠ ᠪᠠᠷᠬᠠᠨ ᠤ ᠬᠡᠰᠡᠭ ᠤᠨ ᠥᠭᠡᠷᠡᠴᠢᠯᠡᠨ ᠪᠠᠶᠢᠭᠤᠯᠬᠤ ᠪᠠᠷᠢᠯᠭ᠎ᠠ ᠤᠷᠤᠭᠰᠢᠲᠠᠢ ᠶᠠᠪᠤᠭᠳᠠᠵᠤ᠂ ᠨᠢᠭᠡᠨᠲᠡ 60 % ᠶᠢᠨ ᠪᠠᠷᠢᠯᠭ᠎ᠠ ᠶᠢ ᠪᠡᠶᠡᠯᠡᠭᠦᠯᠵᠡᠢ᠃ G4515 ᠲᠦᠷᠭᠡᠨ ᠤ ᠵᠠᠮ ᠤᠨ ᠨᠢᠩᠴᠧᠩ ᠬᠡᠰᠡᠭ ᠤᠨ ᠡᠮᠦᠨᠡᠬᠢ ᠬᠤᠭᠤᠴᠠᠭᠠᠨ ᠤ ᠠᠵᠢᠯ ᠡᠮᠬᠢ ᠳᠠᠷᠠᠭ᠎ᠠ ᠲᠠᠢ ᠠᠬᠢᠭᠤᠯᠤᠨ᠎ᠠ᠃  ᠬᠤᠶᠠᠷ ᠲᠤ᠂ ︽ᠲᠡᠭᠡᠭᠡᠪᠦᠷᠢ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ︾ ᠵᠠᠮ ᠲᠡᠭᠡᠭᠡᠪᠦᠷᠢ ᠶᠢᠨ ᠦᠷ᠎ᠡ ᠪᠦᠲᠦᠮᠵᠢ ᠶᠢ  ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ 5 ᠵᠤᠷᠪᠤᠰ ᠰᠢᠨ᠎ᠡ ᠪᠠᠷ ᠨᠡᠮᠡᠭᠳᠡᠭᠦᠯᠦᠨ᠂ ᠨᠡᠶᠢᠲᠡ ᠶᠢᠨ ᠮᠠᠰᠢᠨ ᠲᠡᠷᠭᠡᠨ ᠤ ᠲᠤᠭ᠎ᠠ 30 ᠨᠡᠮᠡᠭᠳᠡᠵᠦ᠂ ᠨᠡᠶᠢᠲᠡ ᠶᠢᠨ ᠮᠠᠰᠢᠨ ᠲᠡᠷᠭᠡᠨ ᠤ ᠪᠦᠷᠬᠦᠴᠡ ᠶᠢᠨ ᠨᠣᠷᠮ᠎ᠠ ᠶᠢ 90% ᠪᠣᠯᠲᠠᠯ᠎ᠠ ᠳᠡᠭᠡᠭᠰᠢᠯᠡᠭᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠳᠣᠭᠢᠷᠠᠭᠤᠯᠬᠤ ᠲᠥᠪ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ 10% ᠪᠠᠷ ᠪᠠᠭᠤᠷᠠᠭᠤᠯᠪᠠ᠃    ᠭᠤᠷᠪᠠ ᠳᠤ᠂ ︽ᠵᠠᠮ ᠬᠠᠷᠢᠯᠴᠠᠭᠠᠨ ᠤ ᠣᠶᠤᠨᠴᠢ ᠬᠠᠮᠢᠶᠠᠷᠤᠯᠲᠠ︾ ᠪᠠᠷ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ  ᠪᠠᠲᠤᠯᠠᠨ᠎ᠠ᠃ ᠤᠶᠤᠨᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠣᠷᠣᠭᠤᠯᠤᠨ ᠠᠪᠴᠢᠷᠠᠵᠤ᠂ ᠭᠤᠤᠯ ᠪᠣᠯᠬᠤ ᠵᠠᠮ ᠳᠤ ᠣᠶᠤᠨᠴᠢ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠲᠣᠮᠣ ᠳ᠋ᠠᠶᠢᠲ᠋ᠠ ᠪᠠᠷ ᠳᠠᠮᠵᠢᠭᠤᠯᠤᠨ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠡᠭᠦᠨ ᠤ ᠬᠠᠮᠲᠤ᠂ ᠵᠠᠮ ᠬᠠᠷᠢᠯᠴᠠᠭᠠᠨ ᠤ ᠬᠥᠲᠥᠯᠦᠨ ᠵᠢᠯᠣᠭᠤᠳᠬᠤ ᠳᠡᠯᠭᠡᠴᠡ ᠶᠢ ᠠᠰᠢᠭᠯᠠᠨ ᠵᠢᠯᠣᠭᠤᠴᠢ ᠳᠤ ᠲᠤᠬᠠᠶ ᠶᠢᠨ ᠴᠠᠭ ᠤᠨ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠬᠠᠩᠭᠠᠵᠤ᠂ ᠵᠦᠶ ᠵᠣᠬᠢᠰᠲᠠᠶ ᠶᠠᠪᠤᠵᠤ ᠰᠠᠭᠤᠬᠤ ᠶᠢ ᠬᠥᠲᠥᠯᠦᠨ ᠵᠢᠯᠣᠭᠤᠳᠪᠠ᠃ ᠵᠠᠮ ᠬᠠᠷᠢᠯᠴᠠᠭᠠᠨ ᠤ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠲᠠᠰ ᠳᠡᠪᠰᠢᠭᠦᠯᠵᠦ᠂ ᠣᠶᠤᠨᠴᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠬᠠᠮᠤᠷᠬᠤ ᠬᠡᠪᠴᠢᠶ᠎ᠡ ᠶᠢ ᠪᠥᠬᠦ ᠰᠢᠶᠠᠨ ᠤ 80% ᠶᠢᠨ ᠭᠤᠤᠯ ᠵᠠᠮ ᠪᠣᠯᠭᠠᠨ ᠥᠷᠭᠡᠳᠬᠡᠪᠡ᠃ ᠲᠣᠮᠣ ᠳ᠋ᠠᠶᠢᠲ᠋ᠠ ᠶᠢᠨ ᠵᠠᠳᠠᠯᠤᠯᠲᠠ ᠪᠠᠷ ᠳᠡᠮᠵᠢᠨ᠂ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠴᠠᠭ ᠲᠣᠬᠢᠷᠠᠭᠤᠯᠬᠤ ᠣᠨᠣᠪᠴᠢ ᠶᠢᠨ ᠨᠣᠷᠮ᠎ᠠ ᠶᠢ 90 % ᠳᠤ ᠬᠦᠷᠦᠭᠦᠯᠵᠦ ᠂ ᠵᠠᠮ ᠬᠠᠷᠢᠯᠴᠠᠭᠠᠨ ᠤ ᠨᠥᠯᠥᠭᠡᠯᠡᠬᠦ ᠳᠡᠯᠭᠡᠴᠡ ᠶᠢᠨ ᠵᠠᠮ ᠤᠨ ᠪᠠᠶᠢᠳᠠᠯ ᠤᠨ ᠮᠡᠳᠡᠭᠡ ᠵᠠᠩᠭᠢ ᠶᠢᠨ ᠰᠢᠨᠡᠳᠬᠡᠬᠦ ᠳᠠᠪᠲᠠᠮᠵᠢ ᠶᠢ ᠮᠢᠨᠦ᠋ᠲ ᠪᠦᠷᠢ ᠨᠢᠭᠡ ᠤᠳᠠᠭ᠎ᠠ ᠬᠦᠷᠲᠡᠯ᠎ᠡ ᠳᠡᠭᠡᠭᠰᠢᠯᠡᠭᠦᠯᠦᠨ᠎ᠡ᠃ ᠪᠥᠬᠦ ᠰᠢᠶᠠᠨ ᠤ ᠵᠠᠮ ᠬᠠᠷᠢᠯᠴᠠᠭᠠᠨ ᠤ ᠠᠳᠡᠯ ᠡᠭᠦᠰᠬᠦ ᠨᠣᠷᠮ᠎ᠠ ᠠᠳᠠᠯᠢ ᠬᠤᠭᠤᠴᠠᠭᠠᠨ ᠤ ᠬᠢ ᠠᠴᠠ 15% ᠪᠠᠷ ᠪᠠᠭᠤᠷᠠᠵᠤ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠨ᠂ ᠡᠷᠲᠡ ᠣᠷᠣᠶ ᠶᠢᠨ ᠲᠦᠭᠵᠢᠷᠡᠬᠦ ᠪᠠᠶᠢᠳᠠᠯ ᠳᠤᠮᠳᠠᠴᠢ ᠪᠠᠷ 15 ᠮᠢᠨᠦ᠋ᠲ ᠪᠣᠭᠤᠨᠢᠰᠴᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠡᠳ᠋ ᠪᠠᠷᠠᠭ᠎ᠠ ᠲᠡᠭᠡᠭᠡᠪᠦᠷᠢᠯᠡᠬᠦ ᠳᠤ ᠨᠠᠩ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号