| ᠨᠢᠭᠡ ᠳᠤ᠂ ︽ᠡᠮᠴᠢᠯᠡᠭᠡᠨ ᠤ ᠦᠢᠯᠡᠴᠢᠯᠡᠭᠡ ᠶᠢ ᠳᠡᠭᠡᠭᠰᠢᠯᠡᠭᠦᠯᠵᠦ︾᠂ ᠡᠮᠴᠢᠯᠡᠭᠡᠨ ᠤ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ᠨᠢᠩᠴᠧᠩ ᠰᠢᠶᠠᠨ 2025 ᠣᠨ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠰᠢᠶᠠᠨ ᠤ ᠲᠥᠪ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠶᠢ | ᠳᠡᠭᠡᠭᠰᠢᠯᠡᠭᠦᠯᠦᠨ ᠴᠢᠳᠠᠮᠵᠢ ᠶᠢ ᠥᠷᠭᠡᠳᠬᠡᠬᠦ ᠲᠥᠷᠥᠯ ᠵᠤᠶᠢᠯ 70% ᠳᠤ ᠬᠦᠷᠴᠦ᠂ 200 ᠣᠷᠣ ᠰᠢᠨ᠎ᠡ ᠪᠠᠷ | ᠨᠡᠮᠡᠭᠳᠡᠪᠡ᠃ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠢ ᠥᠷᠭᠡᠳᠭᠡᠨ ᠪᠠᠶᠢᠭᠤᠯᠬᠤ ᠲᠥᠷᠥᠯ ᠵᠦᠢᠯ | ᠠᠰᠢᠭᠯᠠᠯᠲᠠ ᠳᠤ ᠤᠷᠤᠵᠦ ᠦᠢᠯᠡᠴᠢᠯᠡᠭᠡᠨ ᠤ ᠴᠢᠳᠠᠪᠤᠷᠢ ᠶᠡᠭᠡ ᠪᠠᠷ ᠳᠡᠭᠡᠭᠰᠢᠯᠡᠪᠡ᠃ ᠳᠡᠭᠡᠳᠦ ᠱᠠᠲᠤᠨ ᠤ | ᠡᠮᠨᠡᠯᠭᠡ ᠶᠢᠨ ᠬᠤᠷᠢᠶ᠎ᠠ ᠯᠤᠭ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢ ᠨᠠᠩ ᠨᠢᠭᠲᠠ ᠪᠠᠶᠢᠭᠤᠯᠵᠤ᠂ ᠠᠯᠤᠰ ᠠᠴᠠ | 1000 ᠭᠠᠷᠤᠶ ᠤᠳᠠᠭ᠎ᠠ ᠬᠠᠮᠲᠤᠷᠠᠨ ᠣᠨᠣᠰᠢᠯᠠᠬᠤ ᠶᠢ ᠥᠷᠨᠢᠭᠦᠯᠵᠦ᠂ ᠰᠢᠶᠠᠨ ᠤ ᠬᠡᠪᠴᠢᠶᠡᠨ ᠳᠤ ᠡᠮᠨᠡᠭᠦᠯᠬᠦ | ᠨᠣᠷᠮ᠎ᠠ ᠶᠢ 92% ᠪᠣᠯᠲᠠᠯ᠎ᠠ ᠳᠡᠭᠡᠭᠰᠢᠯᠡᠭᠦᠯᠪᠡ᠃ | ᠬᠤᠶᠠᠷ ᠲᠤ᠂ ︽ᠡᠷᠡᠭᠦᠯ ᠮᠡᠨᠳᠦ ᠶᠢ ᠠᠬᠢᠭᠤᠯᠬᠤ ᠲᠦᠭᠡᠮᠡᠯᠵᠢᠯᠲᠡ︾ ᠪᠠᠷ ᠡᠷᠡᠭᠦᠯ ᠰᠠᠷᠠᠭᠤᠯ ᠠᠮᠢᠳᠤᠷᠠᠯ ᠤᠨ | ᠠᠷᠭ᠎ᠠ ᠬᠡᠯᠪᠡᠷᠢ ᠶᠢ ᠰᠠᠨᠠᠭᠠᠴᠢᠯᠠᠪᠠ᠃ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ | ᠣᠯᠠᠨ ᠶᠠᠩᠵᠤ ᠶᠢᠨ ᠪᠠᠶᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ 30 ᠲᠦᠮᠡᠨ ᠬᠥᠮᠦᠨ ᠤᠳᠠᠭ᠎ᠠ ᠶᠢ ᠬᠠᠮᠤᠷᠪᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | 10 ᠺᠢᠯᠣᠮᠧᠲᠷ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠰᠢᠨ᠎ᠡ ᠪᠠᠷ ᠪᠠᠶᠢᠭᠤᠯᠵᠤ᠂ 200 ᠭᠠᠷᠤᠶ ᠪᠡᠶ᠎ᠡ | ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠰᠢᠨ᠎ᠡ ᠪᠠᠷ ᠨᠡᠮᠡᠭᠳᠡᠭᠦᠯᠪᠡ᠃ | ᠭᠤᠷᠪᠠ ᠳᠤ᠂ ︽ᠣᠶᠤᠨᠴᠢ ᠡᠮᠴᠢᠯᠡᠭᠡᠨ ᠤ ᠪᠠᠶᠢᠭᠤᠯᠤᠯᠲᠠ︾ ᠪᠠᠷ ᠡᠮᠴᠢᠯᠡᠭᠡᠨ ᠤ ᠦᠢᠯᠡᠴᠢᠯᠡᠭᠡ ᠶᠢᠨ | ᠣᠶᠢᠯᠠᠭᠠᠯᠲᠠ ᠶᠢ ᠰᠢᠯᠢᠳᠡᠭᠵᠢᠭᠦᠯᠪᠡ᠃ ᠨᠢᠩᠴᠧᠩ ᠰᠢᠶᠠᠨ ᠣᠶᠤᠨᠴᠢ ᠡᠮᠴᠢᠯᠡᠭᠡᠨ ᠤ ᠲᠥᠷᠥᠯ ᠵᠦᠢᠯ ᠢ ᠠᠬᠢᠭᠤᠯᠵᠤ | ᠂ ᠣᠷᠣᠨ ᠪᠦᠰᠡ ᠶᠢᠨ ᠡᠮᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠪᠥᠬᠦ ᠰᠢᠶᠠᠨ ᠤ | ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠡᠷᠡᠭᠦᠯ | ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ ᠤ ᠡᠯᠧᠺᠲᠷᠣᠨ ᠲᠡᠮᠳᠡᠭᠯᠡᠯ ᠤᠨ ᠬᠡᠷᠡᠭᠯᠡᠯᠲᠡ ᠶᠢ | ᠳᠡᠯᠭᠡᠷᠡᠭᠦᠯᠵᠦ᠂ ᠠᠯᠤᠰ ᠠᠴᠠ ᠡᠮᠴᠢᠯᠡᠬᠦ ᠦᠢᠯᠡᠴᠢᠯᠡᠭᠡ ᠶᠢ ᠥᠷᠨᠢᠭᠦᠯᠦᠨ᠎ᠡ᠃ ᠡᠪᠡᠳᠴᠢᠲᠡᠨ ᠭᠠᠷ ᠤᠲᠠᠰᠤᠨ ᠤ | APP ᠪᠠᠷ ᠳᠠᠮᠵᠢᠭᠤᠯᠤᠨ ᠤᠷᠢᠳᠴᠢᠯᠠᠨ ᠪᠣᠯᠵᠣᠵᠤ ᠳ᠋ᠤᠭᠠᠷᠯᠠᠬᠤ᠂ ᠰᠦᠯᠵᠢᠶ᠎ᠡ ᠪᠠᠷ ᠠᠰᠠᠭᠤᠨ ᠯᠠᠪᠯᠠᠬᠤ᠂ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠶᠢ ᠪᠠᠶᠢᠴᠠᠭᠠᠨ ᠦᠵᠡᠬᠦ ᠵᠡᠷᠭᠡ ᠴᠢᠳᠠᠮᠵᠢ ᠶᠢ ᠪᠡᠶᠡᠯᠡᠭᠦᠯᠤᠨ᠎ᠠ᠃ ᠣᠲᠣ ᠪᠣᠯᠲᠠᠯ᠎ᠠ᠂ | ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ ᠤ ᠡᠯᠧᠺᠲᠷᠣᠨ ᠲᠡᠮᠳᠡᠭᠯᠡᠯ ᠤᠨ ᠪᠦᠷᠬᠦᠴᠡ ᠶᠢᠨ | ᠨᠣᠷᠮ᠎ᠠ 95 % ᠳᠤ ᠬᠦᠷᠴᠦ᠂ ᠰᠦᠯᠵᠢᠶᠡᠨ ᠳᠡᠭᠡᠷᠡᠬᠢ ᠡᠮᠴᠢᠯᠡᠭᠡᠨ ᠤ ᠦᠢᠯᠡᠴᠢᠯᠡᠭᠡ ᠶᠢ ᠬᠡᠷᠡᠭᠯᠡᠬᠦ ᠬᠥᠮᠦᠨ | ᠤᠳᠠᠭ᠎ᠠ 15 ᠲᠦᠮᠡ ᠪᠣᠯᠲᠠᠯ᠎ᠠ ᠨᠡᠮᠡᠭᠳᠡᠪᠡ᠃ ᠡᠪᠡᠳᠴᠢᠲᠡᠨ ᠭᠠᠷ ᠤᠲᠠᠰᠤᠨ ᠤ APP ᠪᠠᠷ ᠳᠠᠮᠵᠢᠭᠤᠯᠤᠨ | ᠣᠯᠠᠩᠬᠢ ᠡᠪᠡᠳᠴᠢᠨ ᠦᠵᠡᠭᠦᠯᠬᠦ ᠶᠠᠪᠤᠴᠠ ᠶᠢ ᠪᠡᠶᠡᠯᠡᠭᠦᠯᠵᠦ᠂ ᠡᠪᠡᠳᠴᠢᠨ ᠦᠵᠡᠭᠦᠯᠬᠦ ᠴᠠᠭ ᠢ ᠳᠤᠮᠳᠠᠴᠢ ᠪᠠᠷ 30 | ᠮᠢᠨᠦ᠋ᠲ ᠪᠣᠭᠤᠨᠢᠰᠬᠠᠵᠤ᠂ ᠡᠮᠴᠢᠯᠡᠭᠡᠨ ᠤ ᠦᠢᠯᠡᠴᠢᠯᠡᠭᠡ ᠶᠢᠨ ᠣᠶᠢᠯᠠᠭᠠᠯᠲᠠ ᠶᠢ ᠲᠦᠢᠯ ᠤᠨ ᠶᠡᠭᠡ ᠪᠠᠷ | ᠰᠢᠯᠢᠳᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠠᠨᠤᠮᠵᠢ ᠶᠢᠨ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠪᠡ᠃ |