ᠨᠢᠩᠴᠧᠩ ᠰᠢᠶᠠᠨ ︽ᠠᠵᠢᠯ ᠣᠯᠭᠤᠯᠲᠠ ᠪᠠᠷ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠵᠦ︾ ᠠᠵᠢᠯ ᠣᠯᠭᠤᠯᠲᠠ ᠶᠢᠨ ᠪᠠᠶᠢᠳᠠᠯ ᠢ ᠲᠤᠬᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2025/4/25
    ᠨᠢᠭᠡ ᠳᠤ᠂ ︽ᠠᠵᠢᠯ ᠣᠯᠭᠤᠯᠲᠠ ᠪᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠵᠦ᠂ ᠬᠥᠳᠡᠯᠮᠦᠷᠢᠴᠢᠳ ᠤᠨ ᠠᠵᠢᠯ ᠣᠯᠭᠤᠯᠲᠠ ᠳᠤ ᠬᠦᠴᠦᠨ ᠨᠡᠮᠡᠷᠢᠯᠡᠪᠡ᠃ ᠨᠢᠭᠡᠳᠦᠭᠡᠷ ᠤᠯᠠᠷᠢᠯ ᠳᠤ ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠤᠯᠠᠮ ᠨᠢᠭᠡ ᠠᠯᠬᠤᠮ ᠴᠢᠩᠭᠠᠷᠠᠵᠤ᠂ ᠠᠵᠢᠯ ᠤᠨ ᠪᠠᠶᠢᠷᠢ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢ 10% ᠪᠠᠷ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ  ᠪᠣᠯᠪᠠᠰᠤᠷᠠᠯ ᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠠᠩ ᠨᠡᠶᠢᠴᠡᠭᠦᠯᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠣᠶᠤᠨᠴᠢ ᠦᠢᠯᠡᠳᠬᠡᠯ ᠵᠡᠷᠭᠡ ᠬᠠᠯᠠᠮᠰᠢᠯ ᠬᠢᠴᠢᠶᠡᠯ ᠨᠡᠭᠡᠭᠡᠵᠦ᠂ ᠪᠣᠯᠪᠠᠰᠤᠷᠠᠯ ᠤᠨ ᠬᠥᠮᠦᠨ ᠤ ᠲᠤᠭ᠎ᠠ ᠨᠢ 3000 ᠬᠥᠮᠦᠨ ᠳᠤ ᠬᠦᠷᠴᠡᠶ᠃ ᠬᠤᠲᠠ ᠪᠠᠯᠭᠠᠰᠤᠨ ᠤ 3500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 600 ᠬᠥᠮᠦᠨ ᠳᠤ ᠳᠠᠬᠢᠨ ᠠᠵᠢᠯ ᠣᠯᠭᠤᠪᠠ᠃    ᠬᠤᠶᠠᠷ ᠲᠤ᠂ ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ︾ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠤᠭ᠎ᠠ ᠬᠡᠮᠵᠢᠶ᠎ᠡ ᠳᠡᠭᠡᠭᠰᠢᠯᠡᠵᠦ᠂ ᠭᠠᠷᠳᠠᠮ ᠢ ᠨᠠᠩ ᠲᠥᠬᠦᠮ ᠪᠣᠯᠭᠠᠵᠤ᠂ ᠡᠨᠡ ᠵᠢᠯ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 4000 ᠲᠦᠮᠡᠨ ᠲᠥᠭᠦᠷᠢᠭ ᠲᠠᠯᠪᠢᠪᠠ᠃ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠤᠨ  ᠦᠢᠯᠡᠴᠢᠯᠡᠭᠡᠨ ᠤ ᠲᠠᠰ ᠳᠡᠪᠰᠢᠵᠦ᠂ ᠠᠳᠠᠯ ᠦᠢᠯᠡᠰ ᠴᠣᠭᠴᠠᠯᠠᠭᠴᠢ ᠳᠤ ᠨᠠᠩ ᠪᠥᠬᠦ ᠲᠠᠯ᠎ᠠ ᠶᠢᠨ ᠲᠠᠯᠠᠪᠤᠷ᠂ ᠪᠠᠯᠠ ᠮᠥᠩᠭᠦ᠂ ᠮᠡᠷᠭᠡᠵᠢᠯ ᠤᠨ ᠳᠡᠮᠵᠢᠯᠭᠡ ᠬᠠᠩᠭᠠᠵᠤ᠂ 400 ᠬᠥᠮᠦᠨ ᠢ ᠲᠡᠳᠬᠦᠨ ᠳᠡᠮᠵᠢᠵᠦ᠂ 2000 ᠬᠥᠮᠦᠨ ᠳᠤ ᠠᠵᠢᠯ ᠣᠯᠭᠤᠬᠤ ᠶᠢ ᠳᠠᠶᠢᠴᠢᠯᠠᠪᠠ᠃    ᠭᠤᠷᠪᠠ ᠳᠤ᠂ ︽ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ︾᠂ ᠠᠵᠢᠯ ᠣᠯᠭᠤᠯᠲᠠ ᠶᠢ ᠵᠣᠬᠢᠴᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠢᠩᠴᠧᠩ ᠰᠢᠶᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠣᠢ ᠪᠣᠯᠭᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠡᠯᠰᠡᠬᠦ ᠬᠤᠷᠠᠯ ᠡᠷᠭᠢᠯᠡᠵᠦ᠂ ᠡᠯ᠎ᠡ ᠲᠥᠷᠥᠯ ᠤᠨ ᠠᠵᠤ ᠠᠬᠤᠶᠢᠯᠠᠯ ᠢ ᠤᠷᠢᠵᠤ ᠠᠵᠢᠯᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ ᠶᠢᠨ ᠬᠠᠮᠲᠤ ᠠᠵᠢᠯ ᠡᠷᠢᠭᠰᠡᠳ ᠲᠤ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠲᠣᠪᠴᠢ ᠨᠠᠮᠲᠠᠷ ᠢ ᠰᠢᠯᠢᠳᠡᠭᠵᠢᠭᠦᠯᠬᠦ ᠵᠡᠷᠭᠡ  ᠦᠢᠯᠡᠴᠢᠯᠡᠭᠡ ᠬᠠᠩᠭᠠᠨ᠎ᠠ᠃ ᠲᠦᠢᠯ ᠤᠨ ᠣᠨᠣᠪᠴᠢᠲᠠᠢ ᠪᠠᠷ ᠵᠤᠬᠢᠴᠠᠭᠤᠯᠬᠤ ᠪᠠᠷ ᠲᠠᠮᠵᠢᠨ᠂ ᠠᠵᠢᠯ ᠤᠯᠭᠤᠯᠳᠠ ᠶᠢᠨ ᠠᠮᠵᠢᠯᠳᠠ ᠤᠯᠬᠤ ᠨᠤᠷᠮ᠎ᠠ ᠶᠢ ᠲᠡᠬᠡᠭᠰᠢᠯᠡᠬᠦᠯᠦᠨ᠎ᠠ᠃ ᠣᠲᠣ ᠪᠣᠯᠲᠠᠯ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠦᠷᠭᠦᠯᠵᠢᠯᠡᠨ ᠰᠢᠯᠢᠳᠡᠭᠵᠢᠵᠦ᠂ ᠴᠢᠳᠠᠮᠵᠢ ᠨᠠᠩ ᠲᠡᠭᠦᠯᠳᠡᠷᠵᠢᠵᠦ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠲᠤᠭ᠎ᠠ 500 ᠪᠣᠯᠲᠠᠯ᠎ᠠ ᠨᠡᠮᠡᠭᠳᠡᠵᠦ᠂ ᠤᠷᠢᠬᠤ ᠠᠵᠢᠯ ᠤᠨ ᠪᠠᠶᠢᠷᠢ ᠶᠢ 10000 ᠭᠠᠷᠤᠶ ᠨᠡᠶᠢᠲᠡᠯᠡᠪᠡ᠃ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠭᠰᠡᠨ ᠠᠵᠢᠯᠲᠠᠨ ᠡᠯᠰᠡᠬᠦ ᠬᠤᠷᠠᠯ ᠤᠨ ᠬᠡᠪᠴᠢᠶ᠎ᠡ ᠨᠠᠩ ᠶᠡᠭᠡ᠂ ᠲᠤᠰᠬᠠᠶ ᠮᠡᠷᠭᠡᠵᠢᠯ ᠤᠨ ᠴᠢᠨᠠᠷ ᠨᠠᠩ ᠴᠢᠩᠭ᠎ᠠ᠂ ᠪᠥᠬᠦ ᠵᠢᠯ ᠳᠤ ᠠᠵᠢᠯᠲᠠᠨ ᠡᠯᠰᠡᠬᠦ ᠴᠤᠭᠯᠠᠭᠠᠨ ᠢ 40 ᠤᠳᠠᠭ᠎ᠠ ᠡᠷᠭᠢᠯᠡᠨ᠎ᠡ᠃ ᠠᠵᠢᠯ ᠡᠷᠢᠭᠰᠡᠳ ᠲᠤ ᠬᠠᠩᠭᠠᠭᠰᠠᠨ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠲᠣᠪᠴᠢ ᠨᠠᠮᠲᠠᠷ ᠢ ᠰᠢᠯᠢᠳᠡᠭᠵᠢᠭᠦᠯᠬᠦ ᠵᠡᠷᠭᠡ ᠦᠢᠯᠡᠴᠢᠯᠡᠭᠡ ᠶᠢ ᠨᠡᠩ ᠣᠨᠣᠪᠴᠢᠲᠠᠢ ᠪᠥᠭᠡᠳ ᠥᠪᠡᠷᠮᠢᠴᠡ ᠪᠣᠯᠭᠠᠵᠤ᠂ ᠲᠠᠪᠴᠠᠩ ᠢᠶᠠᠷ ᠳᠠᠮᠵᠢᠨ ᠠᠵᠢᠯ ᠣᠯᠭᠤᠯᠲᠠ ᠶᠢᠨ ᠬᠥᠮᠥᠨ ᠤ ᠲᠤᠭ᠎ᠠ ᠶᠢ 3000 ᠭᠠᠷᠤᠢ ᠪᠣᠯᠲᠠᠯ᠎ᠠ ᠨᠡᠮᠡᠭᠳᠡᠭᠦᠯᠵᠦ᠂ ᠠᠵᠢᠯ ᠣᠯᠭᠤᠯᠲᠠ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ ᠪᠦᠲᠦᠮᠵᠢᠲᠡᠢ ᠲᠣᠭᠲᠠᠪᠤᠷᠢᠵᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号