| ᠨᠢᠭᠡ ᠳᠤ᠂ ︽ᠲᠣᠭᠠᠴᠢᠯᠠᠭᠰᠠᠨ ᠡᠨᠧᠷᠭᠢ ᠣᠯᠭᠤᠬᠤ ᠲᠠᠷᠢᠶᠠᠯᠠᠩ︾᠂ ᠲᠠᠷᠢᠶᠠᠯᠠᠩ ᠤᠨ ᠣᠳᠣᠬᠢᠴᠢᠯᠠᠯᠲᠠ ᠶᠢ | ᠠᠬᠢᠭᠤᠯᠤᠨ᠎ᠠ᠃ 2025 ᠣᠨ ᠳᠤ᠂ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ ᠤᠨ ᠴᠢᠳᠠᠮᠵᠢ ᠲᠠᠰᠤᠷᠠᠯᠲᠠ | ᠥᠬᠡᠶ ᠲᠡᠭᠦᠯᠳᠡᠷᠵᠢᠵᠦ᠂ ᠤᠶᠤᠨᠲᠤ ᠲᠠᠷᠢᠶᠠᠯᠠᠩ ᠤᠨ ᠲᠥᠬᠦᠭᠡᠷᠦᠮᠵᠢ ᠶᠢᠨ ᠬᠡᠷᠡᠭᠯᠡᠯᠲᠡ ᠨᠠᠩ ᠥᠷᠭᠡᠨ ᠪᠣᠯᠵᠣ᠂ | ᠪᠥᠬᠦ ᠰᠢᠶᠠᠨ ᠤ ᠤᠶᠤᠨᠲᠤ ᠲᠠᠷᠢᠶᠠᠯᠠᠩ ᠤᠨ ᠪᠦᠷᠬᠦᠴᠡ ᠶᠢᠨ ᠲᠠᠯᠠᠪᠠᠶ ᠶᠢ 3 ᠲᠦᠮᠡᠨ ᠮᠥ ᠳᠤ ᠬᠦᠷᠭᠡᠪᠡ᠃ | ᠪᠡᠯᠡᠳᠭᠡᠮᠵᠢᠳᠤ ᠲᠠᠷᠢᠶᠠᠯᠠᠩ ᠤᠨ ᠳᠣᠲᠣᠷ᠎ᠠ᠂ ᠣᠶᠤᠨᠯᠢᠭ ᠳᠤᠯᠠᠭᠠᠨ ᠤ ᠡᠵᠡᠮᠳᠡᠯ᠂ ᠨᠠᠷᠢᠯᠢᠭ ᠣᠨᠣᠴᠠᠲᠠᠶ | ᠤᠰᠤᠯᠠᠯᠲᠠ ᠶᠢᠨ ᠰᠢᠰᠲ᠋ᠧᠮ ᠤᠨ ᠲᠦᠭᠡᠮᠡᠯᠵᠢᠭᠰᠡᠨ ᠨᠣᠷᠮ᠎ᠠ ᠶᠢ 60% ᠪᠣᠯᠲᠠᠯ᠎ᠠ ᠳᠡᠭᠡᠭᠰᠢᠯᠡᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ 20% ᠪᠠᠷ ᠳᠡᠭᠡᠭᠰᠢᠯᠡᠭᠦᠯᠵᠦ᠂ ᠶᠠᠰᠤ ᠴᠢᠨᠠᠷ ᠢᠯᠡᠳᠲᠡ | ᠳᠡᠭᠡᠭᠰᠢᠯᠡᠪᠡ᠃ | ᠬᠤᠶᠠᠷ ᠲᠤ᠂ ︽ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠯ︾ ᠢ ᠪᠡᠶᠡᠯᠡᠭᠦᠯᠵᠦ᠂ ᠬᠥᠳᠡᠭᠡ | ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃ ᠬᠥᠳᠡᠭᠡ ᠲᠣᠰᠬᠤᠨ ᠤ ᠵᠠᠰᠠᠯᠲᠠ ᠶᠢᠨ | ᠲᠣᠭᠠᠴᠢᠯᠠᠭᠰᠠᠨ ᠲᠠᠪᠴᠠᠩ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠠᠷᠠᠳ ᠤᠨ ᠠᠮᠢᠳᠤᠷᠠᠯ ᠤᠨ | ᠶᠠᠪᠤᠳᠠᠯ ᠤᠨ ᠮᠡᠳᠡᠭᠡ ᠵᠠᠩᠭᠢ ᠶᠢ ᠨᠡᠶᠢᠳᠬᠡᠵᠦ᠂ 90% ᠶᠢᠨ ᠬᠡᠷᠡᠭ ᠶᠠᠪᠤᠳᠠᠯ ᠢ ᠰᠦᠯᠵᠢᠶᠡᠨ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠪᠡ᠃ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠ ᠵᠢᠯᠣᠭᠤᠴᠢ ᠦᠭᠡᠢ ᠨᠢᠰᠬᠡᠯ ᠤᠨ | ᠲᠣᠭᠤᠷᠢᠨ ᠪᠠᠶᠢᠴᠠᠭᠠᠬᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠪᠦᠬᠦ ᠰᠢᠶᠠᠨ ᠤ 70% ᠶᠢᠨ ᠠᠶᠢᠯ | ᠲᠣᠰᠬᠤᠨ ᠢ ᠬᠠᠮᠤᠷᠴᠤ᠂ ᠬᠥᠳᠡᠭᠡ ᠲᠣᠰᠬᠤᠨ ᠤ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠶᠡᠭᠡ ᠪᠠᠷ ᠨᠡᠮᠡᠭᠳᠡᠭᠦᠯᠪᠡ᠃ | ᠭᠤᠷᠪᠠ ᠳᠤ᠂ ︽ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠬᠢᠭᠡᠳ ᠲᠣᠭᠠᠴᠢᠯᠠᠭᠰᠠᠨ ᠪᠠᠷᠠᠭᠠᠨ ᠤ | ᠭᠦᠢᠯᠭᠡᠭᠡᠨ ᠤ ᠬᠥᠭᠵᠢᠯᠲᠡ︾ ᠨᠢ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠳᠤ ᠬᠦᠴᠦᠨ ᠨᠡᠮᠡᠷᠢᠯᠡᠪᠡ᠃ | 2025 ᠣᠨ ᠳᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠦᠳᠲᠡᠷ ᠲᠦᠷᠭᠡᠨ ᠬᠥᠭᠵᠢᠵᠦ᠂ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢ 20 ᠰᠢᠨ᠎ᠡ ᠪᠠᠷ | ᠨᠡᠮᠡᠭᠳᠡᠭᠦᠯᠵᠦ᠂ ᠨᠠᠩ ᠣᠯᠠᠨ ᠪᠤᠶᠢᠳᠠ ᠪᠥᠭᠯᠡᠭᠦᠤ ᠬᠥᠳᠡᠭᠡ ᠲᠣᠰᠬᠤᠨ ᠢ ᠬᠠᠮᠤᠷᠪᠠ᠃ ᠲᠠᠷᠢᠶᠠᠯᠠᠩ ᠤᠨ | ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠶᠢᠨ ᠬᠡᠮᠵᠢᠶ᠎ᠡ ᠶᠢ 60 % ᠪᠠᠷ ᠨᠡᠮᠡᠭᠳᠡᠭᠦᠯᠵᠦ᠂ 2.5 | ᠳ᠋ᠦᠩᠰᠢᠭᠤᠷ ᠲᠥᠭᠦᠷᠢᠭ ᠲᠤ ᠬᠦᠷᠭᠡᠪᠡ᠃ ᠲᠣᠭᠠᠴᠢᠯᠠᠭᠰᠠᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠲᠦᠷᠭᠡᠳᠴᠦ᠂ ᠣᠶᠤᠨᠴᠢ ᠪᠠᠷ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠮᠥᠷᠳᠡᠬᠦ | ᠰᠢᠰᠲ᠋ᠧᠮ ᠢ ᠣᠷᠣᠭᠤᠯᠤᠨ ᠠᠪᠴᠢᠷᠠᠵᠤ᠂ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠴᠠᠭ ᠢ 20% ᠪᠠᠷ | ᠪᠣᠭᠤᠨᠢᠰᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ︽ᠬᠤᠳᠠᠯᠳᠤᠬᠤ ᠳᠤ ᠬᠦᠴᠢᠷ︾ ᠪᠠ ᠪᠠᠷᠠᠭᠠᠨ ᠤ | ᠭᠦᠢᠯᠭᠡᠭᠡᠨ ᠤ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠥᠳᠡᠭᠡ | ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ᠃ |