| ᠨᠢᠩᠴᠧᠩ ᠰᠢᠶᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠵᠠᠰᠠᠯᠲᠠ ᠶᠢ | ᠠᠬᠢᠭᠤᠯᠵᠤ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠦᠯᠵᠢᠶ᠎ᠡ ᠪᠠᠷ | ᠲᠦᠰᠢᠭ ᠪᠣᠯᠭᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠪᠢᠴᠢᠯ ᠲᠠᠪᠴᠠᠩ ᠢ ᠪᠠᠶᠢᠭᠤᠯᠤᠨ᠂ | ᠰᠦᠯᠵᠢᠶᠡᠨ ᠭᠠᠳᠠᠨ᠎ᠠ ᠡᠷᠦᠬᠡ ᠳᠤ ᠬᠦᠷᠴᠦ ᠰᠤᠷᠪᠤᠯᠵᠢᠯᠠᠬᠤ᠂ ︽ᠠᠷᠠᠳ ᠤᠨ ᠰᠡᠳᠬᠢᠯ ᠢᠶᠠᠨ ᠰᠤᠯᠢᠯᠴᠠᠬᠤ | ᠶᠠᠷᠢᠯᠴᠠᠬᠤ ᠬᠤᠷᠠᠯ︾ ᠬᠤᠷᠠᠯᠳᠤᠭᠤᠯᠤᠨ᠂ ᠰᠦᠯᠵᠢᠶᠡᠨ ᠳᠡᠭᠡᠷ᠎ᠡ ︽ᠨᠡᠶᠢᠭᠡᠮ ᠲᠣᠭᠤᠷᠢᠭ ᠤᠨ ᠵᠠᠰᠠᠯᠲᠠ ᠶᠢᠨ | ᠣᠯᠠᠨ ᠤ ᠶᠠᠷᠢᠶ᠎ᠠ︾ ᠵᠡᠷᠭᠡ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠰᠠᠨᠠᠭᠤᠯᠭ᠎ᠠ ᠬᠦᠰᠡᠯ | ᠱᠠᠭᠠᠷᠳᠠᠯᠭ᠎ᠠ ᠶᠢ ᠨᠡᠶᠢᠲᠡ 60 ᠭᠠᠷᠤᠶ ᠵᠤᠷᠪᠤᠰ ᠴᠤᠭᠯᠠᠭᠤᠯᠵᠤ᠂ 37 ᠠᠰᠠᠭᠤᠳᠠᠯ ᠢ ᠰᠢᠢᠳᠪᠦᠷᠢᠯᠡᠪᠡ᠃ | ᠨᠠᠰᠤᠲᠠᠶᠢᠴᠤᠳ ᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠬᠦᠴᠢᠷ ᠠᠰᠠᠭᠤᠳᠠᠯ ᠳᠤ | ᠴᠢᠭᠯᠡᠭᠦᠯᠦᠨ᠂ ︽ᠨᠡᠷᠡᠨ ᠭᠡᠷᠡᠯᠲᠦ ᠠᠯᠪᠠᠨ ᠵᠢᠷᠤᠮ ᠤᠨ ᠡᠮᠴᠢᠯᠡᠭᠡ︾ ᠶᠢᠨ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠵᠤ᠂ 300 ᠭᠠᠷᠤᠶ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠬᠡᠷ ᠲᠤᠨᠢ ᠬᠦᠷᠴᠦ ᠠᠯᠪᠠᠨ ᠵᠢᠷᠤᠮ ᠤᠨ | ᠡᠮᠴᠢᠯᠡᠭᠡ᠂ ᠣᠷᠣᠯᠠᠨ ᠬᠤᠳᠠᠯᠳᠤᠨ ᠠᠪᠬᠤ ᠦᠢᠯᠡᠴᠢᠯᠡᠭᠡ ᠬᠠᠩᠭᠠᠪᠠ᠃ ᠵᠥᠷᠢᠴᠡᠯ ᠢ ᠠᠷᠢᠯᠭᠠᠬᠤ ᠰᠠᠶᠢᠨ | ᠳᠤᠷ᠎ᠠ ᠶᠢᠨ ᠦᠢᠯᠡᠴᠢᠯᠡᠭᠡᠨ ᠤ 12 ᠠᠩᠭᠢ ᠶᠢ ᠵᠣᠬᠢᠶᠠᠨ ᠪᠠᠶᠢᠭᠤᠯᠵᠤ᠂ ︽ᠭᠤᠷᠪᠠᠨ ᠳᠠᠷᠤᠭ᠎ᠠ ᠨᠢᠭᠡ ᠬᠠᠣᠯᠢᠴᠢ︾ | ᠂ ︽ᠬᠤᠶᠠᠷ ᠲᠥᠯᠥᠭᠡᠯᠡᠭᠴᠢ ᠨᠢᠭᠡ ᠵᠥᠪᠯᠡᠯ︾ ᠢ ᠰᠢᠩᠭᠡᠭᠡᠨ ᠠᠪᠴᠤ᠂ 10 ᠭᠠᠷᠤᠶ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠠᠷᠢᠯᠭᠠᠪᠠ᠃ | ︽ᠪᠤᠭᠤᠷᠤᠯᠴᠤᠳ ᠤᠨ ᠰᠤᠷᠤᠯᠭ᠎ᠠ ᠶᠢᠨ ᠲᠢᠩᠬᠢᠮ︾ ᠢ ᠡᠷᠬᠢᠯᠡᠵᠦ ᠨᠠᠰᠤᠲᠠᠢᠴᠤᠳ ᠢ ᠬᠠᠪᠰᠤᠷᠤᠨ ᠣᠶᠤᠨᠴᠢ | ᠭᠠᠷ ᠤᠲᠠᠰᠤ ᠬᠡᠷᠡᠭᠯᠡᠬᠦ ᠠᠷᠭ᠎ᠠ ᠶᠢ ᠵᠢᠭᠠᠨ ᠦᠭᠴᠦ ᠲᠡᠳᠡᠨ ᠤ ᠮᠡᠭᠡᠯᠡᠯ ᠢ ᠰᠡᠷᠭᠡᠢᠯᠡᠬᠦ ᠤᠬᠠᠮᠰᠠᠷ ᠢ | ᠳᠡᠭᠡᠭᠰᠢᠯᠡᠭᠦᠯᠪᠡ᠃ ︽ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ ᠢ ᠨᠡᠶᠢᠭᠡᠮ ᠲᠣᠭᠤᠷᠢᠭ ᠲᠤ ᠣᠷᠣᠭᠤᠯᠬᠤ︾ | ᠠᠵᠢᠯᠯᠠᠭ᠎ᠠ ᠶᠢ ᠥᠷᠨᠢᠭᠦᠯᠵᠦ᠂ ᠠᠰᠢᠭ ᠬᠦᠷᠲᠡᠭᠰᠡᠨ ᠣᠯᠠᠨ ᠲᠦᠮᠡᠨ 2000 ᠭᠠᠷᠤᠶ ᠬᠥᠮᠦᠨ ᠤᠳᠠᠭ᠎ᠠ ᠳᠤ | ᠬᠦᠷᠪᠡ᠃ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠶᠢ ᠵᠣᠬᠢᠶᠠᠨ ᠪᠠᠶᠢᠭᠤᠯᠤᠨ ᠮᠡᠷᠭᠡᠵᠢᠯ ᠤᠨ | ᠴᠢᠳᠠᠪᠤᠷᠢ ᠶᠢᠨ ︽ᠪᠢᠴᠢᠯ ᠰᠤᠷᠭᠠᠭᠤᠯᠢ︾ ᠥᠷᠨᠢᠭᠦᠯᠵᠦ᠂ ᠮᠡᠷᠭᠡᠵᠢᠯ ᠤᠨ ᠲᠤᠰᠬᠠᠶ ᠮᠡᠷᠭᠡᠵᠢᠯᠲᠡᠨ 170 ᠭᠠᠷᠤᠶ | ᠬᠥᠮᠦᠨ ᠢ ᠳᠣᠷᠣᠭᠰᠢ ᠲᠣᠮᠢᠯᠠᠵᠤ᠂ 50 ᠭᠠᠷᠤᠶ ᠲᠠᠯᠠᠪᠠᠶ ᠪᠣᠯᠪᠠᠰᠤᠷᠠᠭᠤᠯᠤᠯ ᠬᠦᠷᠲᠡᠭᠡᠵᠦ᠂ ᠠᠵᠢᠯ ᠣᠯᠵᠤ ᠠᠳᠠᠯ | ᠦᠢᠯᠡᠰ ᠴᠣᠭᠴᠠᠯᠠᠬᠤ ᠬᠥᠳᠡᠯᠭᠡᠬᠦ ᠬᠦᠴᠦᠨ ᠢ ᠬᠥᠭᠵᠢᠭᠡᠪᠡ᠃ | ︽ᠣᠯᠠᠨ ᠲᠦᠮᠡᠨ ᠵᠠᠬᠢᠶᠠᠯᠠᠭ᠎ᠠ ᠶᠢᠨ ᠬᠠᠭᠤᠳᠠᠰᠤ - ᠨᠡᠶᠢᠭᠡᠮ ᠲᠣᠭᠤᠷᠢᠭ ᠤᠨ ᠲᠤᠮᠢᠯᠠᠯᠲᠠ ᠶᠢᠨ ᠬᠠᠭᠤᠳᠠᠰᠤ | - ᠬᠠᠮᠲᠤ ᠪᠠᠷ ᠪᠠᠶᠢᠭᠤᠯᠬᠤ ᠨᠢᠭᠡᠴᠢ ᠬᠠᠭᠤᠳᠠᠰᠤ ᠲᠤᠰᠬᠤ - ᠣᠯᠠᠨ ᠲᠦᠮᠡᠨ ᠤ ᠦᠨᠡᠯᠡᠬᠦ ᠬᠠᠭᠤᠳᠠᠰᠤ︾ ᠶᠢᠨ | ᠵᠠᠭᠪᠤᠷ ᠢᠶᠠᠷ ᠳᠠᠮᠵᠢᠭᠤᠯᠤᠨ᠂ ᠵᠢᠵᠢᠭ ᠲᠣᠭᠤᠷᠢᠭ ᠤᠨ ᠵᠣᠷᠯᠣᠩ ᠬᠡᠷᠡᠭᠯᠡᠬᠦ ᠳᠤ ᠬᠦᠴᠢᠷ᠂ ᠴᠠᠬᠢᠯᠭᠠᠨ ᠴᠡᠨᠡᠭᠯᠡᠬᠦ ᠳᠤ | ᠬᠦᠴᠢᠷᠲᠡᠶ ᠵᠡᠷᠭᠡ ᠠᠰᠠᠭᠤᠳᠠᠯ ᠢ ᠰᠢᠢᠳᠪᠤᠷᠢᠯᠡᠵᠦ᠂ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠱᠣᠩ ᠢ 75 | ᠤᠭᠰᠠᠷᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠰᠠᠷᠠᠪᠴᠢ ᠶᠢ 32 ᠵᠠᠰᠠᠪᠠ᠃ 16 ᠰᠦᠯᠵᠢᠶᠡᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠵᠡᠷᠭᠡ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ︽ | ᠭᠤᠷᠪᠠ ᠶᠢ ᠵᠠᠪᠠᠯ ᠬᠦᠷᠭᠡᠵᠦ ᠲᠠᠪᠤ ᠶᠢ ᠵᠠᠪᠠᠯ ᠰᠤᠷᠪᠤᠯᠵᠢᠯᠠᠬᠤ︾᠂ ︽ᠡᠭᠦᠳᠡ ᠲᠣᠭᠰᠢᠬᠤ ᠠᠵᠢᠯᠯᠠᠭ᠎ᠠ︾ ᠶᠢ | ᠥᠷᠨᠢᠭᠦᠯᠵᠦ᠂ 32 ᠨᠠᠮ ᠤᠨ ᠭᠡᠰᠢᠭᠦᠨ ᠤ ᠭᠠᠪᠰᠢᠭᠠᠶ ᠠᠩᠭᠢ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠤ ᠠᠰᠠᠭᠤᠳᠠᠯ ᠢ 170 ᠭᠠᠷᠤᠶ ᠰᠢᠢᠳᠪᠦᠷᠢᠯᠡᠪᠡ᠃ | | | |