ᠨᠢᠩᠴᠧᠩ ᠰᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠦᠢᠯᠡᠳᠦᠯ ᠴᠢᠳᠠᠪᠤᠷᠢ ᠶᠢ  ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/4/28
    ᠨᠢᠩᠴᠧᠩ ᠰᠢᠶᠠᠨ ᠥᠨᠳᠥᠷ ᠪᠦᠲᠦᠮᠵᠢᠲᠡᠢ ᠳᠥᠭᠦᠮ ᠲᠦᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠪᠥᠬᠦ ᠲᠠᠯ᠎ᠠ ᠪᠠᠷ ᠲᠠᠰ ᠳᠡᠪᠰᠢᠭᠦᠯᠵᠦ᠂ ᠳ᠋ᠤᠭᠠᠷᠯᠠᠨ ᠠᠪᠬᠤ᠂ ᠦᠢᠯᠡᠴᠢᠯᠡᠭᠡ ᠶᠢ ᠦᠨᠡᠯᠡᠬᠦ ᠵᠡᠷᠭᠡ ᠰᠢᠰᠲ᠋ᠧᠮ ᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠵᠣᠴᠢᠨ ᠤ ᠲᠢᠩᠬᠢᠮ᠂ ᠡᠬᠡ ᠨᠢᠯᠬᠠᠰ ᠤᠨ ᠠᠮᠠᠷᠠᠯᠲᠠ ᠶᠢᠨ ᠲᠠᠰᠤᠭ ᠵᠡᠷᠭᠡ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠶᠢ ᠨᠡᠮᠡᠵᠦ ᠪᠠᠶᠢᠭᠤᠯᠵᠤ᠂ ᠣᠯᠠᠨ ᠴᠢᠳᠠᠮᠵᠢᠳᠤ ︽ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡ︾ ᠳᠠᠰᠢ ᠬᠤᠪᠢᠷᠠᠭᠤᠯᠬᠤ ᠶᠢ ᠪᠡᠶᠡᠯᠡᠭᠦᠯᠪᠡ᠃   ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠪᠠ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ ᠲᠤᠰᠬᠠᠯ ᠭᠠᠷᠭᠠᠬᠤ︾ ᠴᠣᠩᠬᠤᠪᠴᠢ ᠶᠢ  ᠪᠠᠶᠢᠭᠤᠯᠤᠨ᠂ 29 ᠰᠠᠯᠠᠭ᠎ᠠ ᠮᠥᠴᠢᠷ 1510 ᠵᠦᠢᠯᠡᠰ ᠢ ᠡᠮᠬᠢᠯᠡᠵᠦ᠂ ᠮᠠᠲ᠋ᠧᠷᠢᠶᠠᠯ ᠢ 35% ᠪᠠᠷ ᠪᠠᠭᠠᠰᠬᠠᠵᠤ᠂ ᠭᠤᠭᠴᠤᠭ᠎ᠠ ᠶᠢ 37% ᠪᠠᠷ ᠪᠠᠭᠠᠰᠬᠠᠵᠤ᠂ ᠴᠠᠭ ᠤᠨ ᠬᠢᠵᠠᠭᠠᠷ ᠢ 7% ᠪᠠᠷ ᠪᠠᠭᠠᠰᠬᠠᠪᠠ᠃ ᠣᠯᠠᠨ ᠠᠷᠭ᠎ᠠ ᠵᠠᠮ ᠢᠶᠠᠷ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠲᠤᠰᠬᠠᠶ ᠲᠣᠭᠤᠷᠢᠭ ᠢ ᠳᠠᠬᠢᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠤᠨ ᠪᠠᠬᠢᠯᠡᠯᠲᠡ ᠶᠢ ᠡᠪᠳᠡᠨ᠎ᠡ᠃    ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠨᠠᠷᠢᠯᠢᠭ ᠣᠨᠣᠴᠠᠲᠠᠶ ᠪᠠᠷ ᠬᠦᠷᠭᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ᠎ᠠ᠃ ︽ᠺᠤᠳ᠋ ᠳᠡᠭᠡᠷ᠎ᠡ ᠦᠨᠡᠯᠡᠬᠦ︾ ᠶᠢ ᠬᠡᠷᠡᠭᠵᠢᠭᠦᠯᠬᠦ ᠨᠢ 30 ᠭᠠᠷᠤᠢ ᠰᠠᠯᠠᠭ᠎ᠠ ᠮᠥᠴᠢᠷ ᠲᠤ ᠬᠤᠯᠪᠣᠭᠳᠠᠵᠤ᠂ ᠨᠢᠭᠡᠨᠲᠡ 10000 ᠭᠠᠷᠤᠢ ᠵᠤᠷᠪᠤᠰ ᠦᠨᠡᠯᠡᠯᠲᠡ ᠶᠢᠨ ᠲᠤᠭ᠎ᠠ ᠪᠠᠷᠢᠮᠲᠠ ᠶᠢ ᠴᠤᠭᠯᠠᠭᠤᠯᠵᠤ᠂ ᠠᠵᠤ ᠠᠬᠤᠶᠢᠯᠠᠯ ᠤᠨ ᠣᠷᠣᠯᠴᠠᠭᠰᠠᠨ ᠨᠤᠷᠮ᠎ᠠ 80% ᠳᠤ ᠬᠦᠷᠴᠦ᠂ 800 ᠭᠠᠷᠤᠢ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠭᠰᠡᠨ ᠨᠤᠷᠮ᠎ᠠ 90% ᠳᠤ ᠬᠦᠷᠬᠦ ᠶᠢᠨ ᠬᠠᠮᠲᠤ ᠦᠷ᠎ᠡ ᠳ᠋ᠦᠩ ᠢ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠠᠢ ᠬᠤᠯᠪᠣᠭᠳᠠᠭᠤᠯᠵᠠᠢ᠃    ︽1+N︾ ᠺᠠᠳ᠋ᠷ ᠠᠵᠤ ᠠᠬᠤᠶᠢᠯᠠᠯ ᠢ ᠳᠠᠭᠠᠭᠠᠴᠢᠯᠠᠬᠤ ᠲᠣᠭᠲᠠᠴᠠ ᠶᠢ ᠪᠦᠷᠢᠨᠰᠢᠭᠦᠯᠵᠦ᠂ ᠤᠳᠤᠷᠢᠳᠬᠤ ᠺᠠᠳ᠋ᠷ 85 ᠠᠵᠤ ᠠᠬᠤᠶᠢᠯᠠᠯ ᠢ 400 ᠭᠠᠷᠤᠢ ᠤᠳᠠᠭ᠎ᠠ ᠰᠤᠷᠪᠤᠯᠵᠢᠯᠠᠵᠤ᠂ 300 ᠭᠠᠷᠤᠢ ᠠᠰᠠᠭᠤᠳᠠᠯ ᠢ ᠰᠢᠢᠳᠪᠦᠷᠢᠯᠡᠪᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠠᠵᠤ ᠠᠬᠤᠶᠢᠯᠠᠯ ᠳᠤ ᠦᠵᠡᠭᠦᠯᠬᠦ ᠬᠠᠷᠰᠢᠯᠠᠯ ᠢ ᠪᠠᠭᠠᠰᠬᠠᠨ᠎ᠠ᠃ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ APP ᠶᠢ ᠳᠡᠯᠭᠡᠷᠡᠭᠦᠯᠵᠦ᠂ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠨᠠᠩ ᠨᠡᠶᠢᠴᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号