| ᠨᠢᠩᠴᠧᠩ ᠰᠢᠶᠠᠨ ︽ᠨᠣᠭᠤᠭ᠎ᠠ ᠵᠢᠮᠢᠰ ᠦᠬᠡᠷ︾ ᠢᠶᠠᠷ ᠤᠳᠤᠷᠢᠳᠤᠮᠵᠢ ᠪᠣᠯᠭᠠᠵᠤ ︽ᠰᠢᠨᠵᠢᠯᠡᠬᠦ | ᠮᠡᠷᠭᠡᠵᠢᠯ+ᠠᠵᠤ ᠦᠢᠯᠡᠰ+ᠨᠡᠷᠡᠲᠦ ᠲᠡᠮᠳᠡᠭ︾ ᠣᠳᠣ ᠦᠶ᠎ᠡ ᠶᠢᠨ ᠲᠠᠷᠢᠶᠠᠯᠠᠩ ᠤᠨ ᠰᠢᠰᠲ᠋ᠧᠮ ᠢ ᠪᠠᠶᠢᠭᠤᠯᠵᠠᠢ᠃ | ᠲᠥᠬᠦᠭᠡᠷᠦᠮᠵᠢᠲᠦ ᠲᠠᠷᠢᠶᠠᠯᠠᠩ ᠤᠨ ᠶᠡᠷᠦᠩᠬᠡᠶ ᠲᠠᠯᠠᠪᠠᠶ 53 ᠲᠦᠮᠡᠨ ᠮᠥ ᠶᠢ ᠳᠠᠪᠠᠵᠤ᠂ ᠵᠢᠯ ᠳᠤ 163 ᠲᠦᠮᠡᠨ | ᠲᠣᠨ ᠢᠳᠡᠰᠢᠨ ᠨᠣᠭᠤᠭ᠎ᠠ ᠦᠢᠯᠡᠳᠪᠦᠷᠢᠯᠡᠵᠦ᠂ ᠦᠢᠯᠡᠳᠬᠦᠨ ᠤ ᠥᠷᠲᠡᠭ ᠨᠢ 65 ᠳ᠋ᠦᠩᠰᠢᠭᠤᠷ ᠲᠥᠭᠦᠷᠢᠭ | ᠪᠠᠶᠢᠵᠤ᠂ 7.3 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ ᠵᠢᠯ ᠤᠨ ᠳᠤᠮᠳᠠᠴᠢ ᠣᠷᠣᠯᠭ᠎ᠠ ᠶᠢ 8200 | ᠲᠥᠭᠦᠷᠢᠭ ᠨᠡᠮᠡᠭᠳᠡᠭᠦᠯᠪᠡ᠃ ᠱᠠᠨᠳᠦ᠋ᠩ ᠤᠨ ᠠᠨ ᠰᠢᠨ᠂ ᠵᠢᠶᠠᠩᠰᠦ ᠶᠢᠨ ᠯᠢᠦᠢ ᠭᠠᠩ ᠵᠡᠷᠭᠡ ᠲᠣᠯᠣᠭᠠᠶᠢᠯᠠᠭᠴᠢ | ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠣᠶᠤᠨᠴᠢ ᠲᠠᠷᠢᠶᠠᠯᠠᠩ ᠤᠨ ᠵᠢᠱᠢᠶ᠎ᠡ | ᠦᠵᠡᠭᠦᠯᠬᠦ ᠬᠦᠷᠢᠶᠡᠯᠡᠩ ᠢ 4 ᠪᠠᠶᠢᠭᠤᠯᠵᠤ᠂ ᠵᠢᠯ ᠤᠨ ᠴᠢᠬᠢ ᠪᠤᠶᠢᠵᠢᠭᠤᠯᠬᠤ ᠴᠢᠳᠠᠪᠤᠷᠢ ᠨᠢ 4 ᠳ᠋ᠦᠩᠰᠢᠭᠤᠷ | ᠰᠠᠭᠤᠷᠢ ᠳᠤ ᠬᠦᠷᠴᠦ᠂ ᠲᠣᠭᠠᠴᠢᠯᠠᠭᠰᠠᠨ ᠴᠢᠬᠢ ᠪᠤᠶᠢᠵᠢᠭᠤᠯᠬᠤ᠂ ᠰᠢᠷᠣᠶ ᠦᠭᠡᠢ ᠪᠠᠷ ᠲᠠᠷᠢᠬᠤ ᠵᠡᠷᠭᠡ ᠮᠡᠷᠭᠡᠵᠢᠯ ᠢ | ᠪᠦᠬᠦᠨ ᠢ ᠬᠠᠮᠤᠷᠬᠤ ᠶᠢ ᠪᠡᠶᠡᠯᠡᠭᠦᠯᠵᠦ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ 30% ᠪᠠᠷ ᠳᠡᠭᠡᠭᠰᠢᠯᠡᠭᠦᠯᠪᠡ᠃ | | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠠᠵᠢᠯᠯᠠᠬᠤ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠨᠢ ᠨᠢᠭᠡᠨᠲᠡ ᠪᠡᠭᠡᠵᠢᠩ ᠤᠨ ᠴᠢᠶᠠᠨ ᠰᠢ ᠾᠧ᠂ | ᠲᠦᠩ ᠹᠦ᠋ ᠪᠦᠯᠦᠭᠯᠡᠯ ᠵᠡᠷᠭᠡ 20 ᠠᠵᠤ ᠠᠬᠤᠶᠢᠯᠠᠯ ᠳᠤ ᠣᠷᠣᠵᠤ ᠰᠠᠭᠤᠨ᠂ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠬᠡᠷ ᠪᠠᠶᠢᠰᠢᠩ ᠢ 22 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ︽ᠴᠡᠪᠡᠷ | ᠨᠣᠭᠤᠭ᠎ᠠ ᠡᠳ᠋ᠰᠢᠭᠦᠯᠬᠦ- ᠤᠷᠢᠳᠴᠢᠯᠠᠨ ᠬᠢᠭᠰᠡᠨ ᠨᠣᠭᠤᠭ᠎ᠠ-ᠪᠠᠷᠠᠭᠠᠨ ᠤ ᠭᠦᠢᠯᠭᠡᠭᠡ︾ ᠶᠢᠨ ᠠᠵᠤ ᠦᠢᠯᠡᠰ ᠤᠨ | ᠪᠦᠯᠦᠭᠵᠢᠯ ᠢ ᠪᠣᠶ ᠪᠣᠯᠭᠠᠪᠠ᠃ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠤᠨ | ᠡᠳᠦᠷ ᠤᠨ ᠰᠢᠢᠳᠪᠦᠷᠢᠯᠡᠬᠦ ᠴᠢᠳᠠᠪᠤᠷᠢ 1000 ᠲᠣᠨ ᠳᠤ ᠬᠦᠷᠪᠡ᠃ 2024 ᠣᠨ ᠳᠤ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠤᠷᠮ᠎ᠠ 65% ᠳᠤ ᠬᠦᠷᠴᠦ᠂ ᠵᠢᠯ ᠤᠨ ᠪᠣᠷᠣᠯᠠᠭᠤᠯᠤᠯᠲᠠ ᠶᠢᠨ | ᠬᠡᠮᠵᠢᠶ᠎ᠡ 60 ᠳ᠋ᠦᠩᠰᠢᠭᠤᠷ ᠲᠥᠭᠦᠷᠢᠭ ᠢ ᠳᠠᠪᠠᠵᠤ᠂ ᠪᠦᠲᠦᠭᠡᠭᠳᠡᠬᠦᠨ ᠨᠢ ᠪᠡᠭᠡᠵᠢᠩ ᠲᠢᠶᠠᠨᠵᠢᠨ ᠾᠧᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠢ ᠬᠠᠮᠤᠷᠪᠠ᠃ | ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠡᠷᠳᠡᠨᠢ ᠰᠢᠰᠢ ᠶᠢᠨ ᠡᠰᠢ ᠰᠦᠷᠡᠯ ᠤᠨ ᠡᠬᠢ ᠪᠠᠶᠠᠯᠢᠭ ᠲᠤ | ᠲᠦᠰᠢᠭᠯᠡᠨ᠂ ᠵᠢᠯ ᠳᠤ 50 ᠲᠦᠮᠡᠨ ᠲᠣᠯᠣᠭᠠᠶ ᠠᠯᠠᠰᠢᠨ ᠦᠬᠡᠷ ᠢ ᠭᠠᠷᠭᠠᠵᠤ᠂ 3.98 ᠲᠦᠮᠡᠨ ᠲᠠᠷᠢᠶᠠᠴᠢᠨ | ᠡᠷᠦᠬᠡ ᠶᠢ ᠳᠠᠶᠢᠴᠢᠯᠠᠨ ᠬᠥᠮᠦᠨ ᠳᠤᠮᠳᠠᠴᠢ ᠶᠢᠨ ᠣᠷᠣᠯᠭ᠎ᠠ 1.15 ᠲᠦᠮᠡᠨ ᠲᠥᠭᠦᠷᠢᠭ ᠨᠡᠮᠡᠭᠳᠡᠪᠡ᠃ ︽ | ᠣᠶᠤᠨᠴᠢ ᠲᠡᠵᠢᠭᠡᠨ ᠦᠷᠡᠵᠢᠭᠦᠯᠬᠦ ᠡᠭᠦᠯᠡᠨ ᠲᠠᠪᠴᠠᠩ︾ ᠢᠶᠠᠷ ᠳᠠᠮᠵᠢᠭᠤᠯᠤᠨ᠂ ᠠᠯᠠᠰᠢᠨ ᠦᠬᠡᠷ ᠤᠨ ᠠᠮᠢ | ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠤ ᠲᠤᠭ᠎ᠠ ᠪᠠᠷᠢᠮᠲᠠ ᠶᠢᠨ ᠮᠥᠷᠳᠡᠯᠲᠡ ᠶᠢ ᠪᠡᠶᠡᠯᠡᠭᠦᠯᠵᠦ᠂ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ 40% ᠳᠡᠭᠡᠭᠰᠢᠯᠡᠭᠦᠯᠪᠡ᠃ ᠯᠢᠦᠢ ᠼᠤᠤ ᠳ᠋ᠢ | ᠬᠤᠷᠰᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ︾ ᠶᠢᠨ ᠵᠠᠭᠪᠤᠷ ᠢ ᠲᠤᠷᠰᠢᠨ | ᠬᠡᠷᠡᠭᠵᠢᠭᠦᠯᠵᠦ᠂ RFID ᠡᠯᠧᠺᠲᠷᠣᠨ ᠴᠢᠬᠢᠨ ᠲᠡᠮᠳᠡᠭ ᠪᠠ ᠠᠦ᠋ᠲ᠋ᠣ᠋ ᠲᠡᠵᠢᠭᠡᠨ ᠦᠷᠡᠵᠢᠭᠦᠯᠬᠦ ᠰᠢᠰᠲ᠋ᠧᠮ ᠢ | ᠣᠷᠣᠭᠤᠯᠤᠨ ᠠᠪᠴᠢᠷᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ 15% ᠪᠠᠷ ᠪᠠᠭᠤᠷᠠᠭᠤᠯᠤᠨ᠂ | ᠵᠢᠯ ᠤᠨ ᠭᠠᠷᠭᠠᠯᠲᠠ ᠶᠢᠨ ᠬᠡᠮᠵᠢᠶ᠎ᠡ ᠶᠢ 20% ᠪᠠᠷ ᠨᠡᠮᠡᠭᠳᠡᠭᠦᠯᠪᠡ᠃ ᠨᠢᠩᠴᠧᠩ ᠰᠢᠶᠠᠨ ︽ᠨᠣᠭᠤᠭ᠎ᠠ ᠵᠢᠮᠢᠰ | ᠦᠬᠡᠷ︾ ᠢᠶᠠᠷ ᠤᠳᠤᠷᠢᠳᠤᠮᠵᠢ ᠪᠣᠯᠭᠠᠵᠤ ︽ᠰᠢᠨᠵᠢᠯᠡᠬᠦ ᠮᠡᠷᠭᠡᠵᠢᠯ+ᠠᠵᠤ ᠦᠢᠯᠡᠰ+ᠨᠡᠷᠡᠲᠦ ᠲᠡᠮᠳᠡᠭ︾ ᠣᠳᠣ | ᠦᠶ᠎ᠡ ᠶᠢᠨ ᠲᠠᠷᠢᠶᠠᠯᠠᠩ ᠤᠨ ᠰᠢᠰᠲ᠋ᠧᠮ ᠢ ᠪᠠᠶᠢᠭᠤᠯᠵᠠᠢ᠃ ᠲᠥᠬᠦᠭᠡᠷᠦᠮᠵᠢᠲᠦ ᠲᠠᠷᠢᠶᠠᠯᠠᠩ ᠤᠨ ᠶᠡᠷᠦᠩᠬᠡᠶ ᠲᠠᠯᠠᠪᠠᠶ | 53 ᠲᠦᠮᠡᠨ ᠮᠥ ᠶᠢ ᠳᠠᠪᠠᠵᠤ᠂ ᠵᠢᠯ ᠳᠤ 163 ᠲᠦᠮᠡᠨ ᠲᠣᠨ ᠢᠳᠡᠰᠢᠨ ᠨᠣᠭᠤᠭ᠎ᠠ ᠦᠢᠯᠡᠳᠪᠦᠷᠢᠯᠡᠵᠦ᠂ | ᠦᠢᠯᠡᠳᠬᠦᠨ ᠤ ᠥᠷᠲᠡᠭ ᠨᠢ 65 ᠳ᠋ᠦᠩᠰᠢᠭᠤᠷ ᠲᠥᠭᠦᠷᠢᠭ ᠪᠠᠶᠢᠵᠤ᠂ 7.3 ᠲᠦᠮᠡᠨ ᠲᠠᠷᠢᠶᠠᠴᠢᠨ ᠡᠷᠦᠬᠡ ᠶᠢ | ᠳᠠᠶᠢᠴᠢᠯᠠᠨ ᠵᠢᠯ ᠤᠨ ᠳᠤᠮᠳᠠᠴᠢ ᠣᠷᠣᠯᠭ᠎ᠠ ᠶᠢ 8200 ᠲᠥᠭᠦᠷᠢᠭ ᠨᠡᠮᠡᠭᠳᠡᠭᠦᠯᠪᠡ᠃ ᠱᠠᠨᠳᠦ᠋ᠩ ᠤᠨ ᠠᠨ ᠰᠢᠨ᠂ | ᠵᠢᠶᠠᠩᠰᠦ ᠶᠢᠨ ᠯᠢᠦᠢ ᠭᠠᠩ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ | ᠳᠠᠮᠵᠢᠭᠤᠯᠤᠨ᠂ ᠣᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠢ 4 ᠪᠠᠶᠢᠭᠤᠯᠵᠤ᠂ ᠵᠢᠯ ᠤᠨ ᠴᠢᠬᠢ | ᠪᠤᠶᠢᠵᠢᠭᠤᠯᠬᠤ ᠴᠢᠳᠠᠪᠤᠷᠢ ᠨᠢ 4 ᠳ᠋ᠦᠩᠰᠢᠭᠤᠷ ᠰᠠᠭᠤᠷᠢ ᠳᠤ ᠬᠦᠷᠴᠦ᠂ ᠲᠣᠭᠠᠴᠢᠯᠠᠭᠰᠠᠨ ᠴᠢᠬᠢ ᠪᠤᠶᠢᠵᠢᠭᠤᠯᠬᠤ᠂ | ᠰᠢᠷᠣᠶ ᠦᠭᠡᠢ ᠪᠠᠷ ᠲᠠᠷᠢᠬᠤ ᠵᠡᠷᠭᠡ ᠮᠡᠷᠭᠡᠵᠢᠯ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠮᠦ ᠪᠦᠷᠢ ᠶᠢᠨ ᠳᠤᠮᠳᠠᠴᠢ | ᠦᠷ᠎ᠡ ᠠᠰᠢᠭ ᠢ 30% ᠪᠠᠷ ᠳᠡᠭᠡᠭᠰᠢᠯᠡᠭᠦᠯᠪᠡ᠃ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠠᠵᠢᠯᠯᠠᠬᠤ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠨᠢ ᠨᠢᠭᠡᠨᠲᠡ ᠪᠡᠭᠡᠵᠢᠩ ᠤᠨ ᠴᠢᠶᠠᠨ ᠰᠢ ᠾᠧ᠂ | ᠲᠦᠩ ᠹᠦ᠋ ᠪᠦᠯᠦᠭᠯᠡᠯ ᠵᠡᠷᠭᠡ 20 ᠠᠵᠤ ᠠᠬᠤᠶᠢᠯᠠᠯ ᠳᠤ ᠣᠷᠣᠵᠤ ᠰᠠᠭᠤᠨ᠂ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠬᠡᠷ ᠪᠠᠶᠢᠰᠢᠩ ᠢ 22 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ︽ᠴᠡᠪᠡᠷ | ᠨᠣᠭᠤᠭ᠎ᠠ ᠡᠳ᠋ᠰᠢᠭᠦᠯᠬᠦ- ᠤᠷᠢᠳᠴᠢᠯᠠᠨ ᠬᠢᠭᠰᠡᠨ ᠨᠣᠭᠤᠭ᠎ᠠ-ᠪᠠᠷᠠᠭᠠᠨ ᠤ ᠭᠦᠢᠯᠭᠡᠭᠡ︾ ᠶᠢᠨ ᠠᠵᠤ ᠦᠢᠯᠡᠰ ᠤᠨ | ᠪᠦᠯᠦᠭᠵᠢᠯ ᠢ ᠪᠣᠶ ᠪᠣᠯᠭᠠᠪᠠ᠃ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ ᠤᠨ | ᠡᠳᠦᠷ ᠤᠨ ᠰᠢᠢᠳᠪᠦᠷᠢᠯᠡᠬᠦ ᠴᠢᠳᠠᠪᠤᠷᠢ 1000 ᠲᠣᠨ ᠳᠤ ᠬᠦᠷᠪᠡ᠃ 2024 ᠣᠨ ᠳᠤ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠤᠷᠮ᠎ᠠ 65% ᠳᠤ ᠬᠦᠷᠴᠦ᠂ ᠵᠢᠯ ᠤᠨ ᠪᠣᠷᠣᠯᠠᠭᠤᠯᠤᠯᠲᠠ ᠶᠢᠨ | ᠬᠡᠮᠵᠢᠶ᠎ᠡ 60 ᠳ᠋ᠦᠩᠰᠢᠭᠤᠷ ᠲᠥᠭᠦᠷᠢᠭ ᠢ ᠳᠠᠪᠠᠵᠤ᠂ ᠪᠦᠲᠦᠭᠡᠭᠳᠡᠬᠦᠨ ᠨᠢ ᠪᠡᠭᠡᠵᠢᠩ ᠲᠢᠶᠠᠨᠵᠢᠨ ᠾᠧᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠢ ᠬᠠᠮᠤᠷᠪᠠ᠃ | ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠡᠷᠳᠡᠨᠢ ᠰᠢᠰᠢ ᠶᠢᠨ ᠡᠰᠢ ᠰᠦᠷᠡᠯ ᠤᠨ ᠡᠬᠢ ᠪᠠᠶᠠᠯᠢᠭ ᠲᠤ | ᠲᠦᠰᠢᠭᠯᠡᠨ᠂ ᠵᠢᠯ ᠳᠤ 50 ᠲᠦᠮᠡᠨ ᠲᠣᠯᠣᠭᠠᠶ ᠠᠯᠠᠰᠢᠨ ᠦᠬᠡᠷ ᠢ ᠭᠠᠷᠭᠠᠵᠤ᠂ 3.98 ᠲᠦᠮᠡᠨ ᠲᠠᠷᠢᠶᠠᠴᠢᠨ | ᠡᠷᠦᠬᠡ ᠶᠢ ᠳᠠᠶᠢᠴᠢᠯᠠᠨ ᠬᠥᠮᠦᠨ ᠳᠤᠮᠳᠠᠴᠢ ᠶᠢᠨ ᠣᠷᠣᠯᠭ᠎ᠠ 1.15 ᠲᠦᠮᠡᠨ ᠲᠥᠭᠦᠷᠢᠭ ᠨᠡᠮᠡᠭᠳᠡᠪᠡ᠃ ︽ | ᠣᠶᠤᠨᠴᠢ ᠲᠡᠵᠢᠭᠡᠨ ᠦᠷᠡᠵᠢᠭᠦᠯᠬᠦ ᠡᠭᠦᠯᠡᠨ ᠲᠠᠪᠴᠠᠩ︾ ᠢᠶᠠᠷ ᠳᠠᠮᠵᠢᠭᠤᠯᠤᠨ᠂ ᠠᠯᠠᠰᠢᠨ ᠦᠬᠡᠷ ᠤᠨ ᠠᠮᠢ | ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠤ ᠲᠤᠭ᠎ᠠ ᠪᠠᠷᠢᠮᠲᠠ ᠶᠢᠨ ᠮᠥᠷᠳᠡᠯᠲᠡ ᠶᠢ ᠪᠡᠶᠡᠯᠡᠭᠦᠯᠵᠦ᠂ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ 40% ᠳᠡᠭᠡᠭᠰᠢᠯᠡᠭᠦᠯᠪᠡ᠃ ᠯᠢᠦᠢ ᠼᠤᠤ ᠳ᠋ᠢ | ᠬᠤᠷᠰᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ︾ ᠶᠢᠨ ᠵᠠᠭᠪᠤᠷ ᠢ ᠲᠤᠷᠰᠢᠨ | ᠬᠡᠷᠡᠭᠵᠢᠭᠦᠯᠵᠦ᠂ RFID ᠡᠯᠧᠺᠲᠷᠣᠨ ᠴᠢᠬᠢᠨ ᠲᠡᠮᠳᠡᠭ ᠪᠠ ᠠᠦ᠋ᠲ᠋ᠣ᠋ ᠲᠡᠵᠢᠭᠡᠨ ᠦᠷᠡᠵᠢᠭᠦᠯᠬᠦ ᠰᠢᠰᠲ᠋ᠧᠮ ᠢ | ᠣᠷᠣᠭᠤᠯᠤᠨ ᠠᠪᠴᠢᠷᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ 15% ᠪᠠᠷ ᠪᠠᠭᠤᠷᠠᠭᠤᠯᠤᠨ᠂ | ᠵᠢᠯ ᠤᠨ ᠭᠠᠷᠭᠠᠯᠲᠠ ᠶᠢᠨ ᠬᠡᠮᠵᠢᠶ᠎ᠡ ᠶᠢ 20% ᠪᠠᠷ ᠨᠡᠮᠡᠭᠳᠡᠭᠦᠯᠪᠡ᠃ |