| ᠨᠢᠩᠴᠧᠩ ᠰᠢᠶᠠᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠲᠠᠢ | ᠨᠢᠭᠲᠠ ᠤᠶᠠᠯᠳᠤᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ | ᠪᠣᠬᠢᠷᠲᠤᠯ ᠦᠭᠡᠢ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠠᠶᠢᠭᠤᠯᠤᠨ᠎ᠠ᠃ 2024 ᠣᠨ ᠳᠤ ᠡᠬᠢᠯᠡᠭᠦᠯᠦᠭᠰᠡᠨ | ᠵᠠᠭᠤᠨ ᠲᠦᠮᠡᠨ ᠺᠢᠯᠣᠸᠠᠲ ᠤᠨ ᠲᠠᠰ ᠤᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠶᠡᠷᠦᠩᠬᠡᠶ | ᠪᠠᠯᠠ ᠣᠷᠣᠭᠤᠯᠤᠯᠲᠠ ᠨᠢ 3.5 ᠳ᠋ᠦᠩᠰᠢᠭᠤᠷ ᠲᠥᠭᠦᠷᠢᠭ ᠲᠤ ᠬᠦᠷᠴᠦ᠂ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠨᠢ 7.6 ᠲᠦᠮᠡᠨ ᠺᠢᠯᠣᠸᠠᠲ ᠲᠤ ᠬᠦᠷᠴᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠲᠠᠩ ᠴᠣᠭᠴᠠᠲᠤ ᠬᠡᠪᠴᠢᠶ᠎ᠡ ᠪᠠᠷ ᠬᠠᠮᠤᠭ ᠤᠨ ᠶᠡᠭᠡ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ | ᠲᠥᠷᠥᠯ ᠵᠦᠢᠯ ᠤᠨ ᠨᠢᠭᠡ ᠪᠣᠯᠤᠨ᠎ᠠ᠃ ︽ᠵᠠᠰᠠᠭ ᠤᠨ ᠣᠷᠳᠣᠨ+ ᠠᠵᠤ ᠠᠬᠤᠶᠢᠯᠠᠯ +ᠲᠠᠷᠢᠶᠠᠴᠢᠨ ᠡᠷᠦᠬᠡ︾ | ᠶᠢᠨ ᠬᠠᠮᠲᠤᠷᠠᠯᠴᠠᠭᠠᠨ ᠤ ᠵᠠᠭᠪᠤᠷ ᠢᠶᠠᠷ ᠳᠠᠮᠵᠢᠭᠤᠯᠤᠨ᠂ ᠲᠥᠷᠥᠯ ᠵᠤᠶᠢᠯ ᠨᠢ ᠠᠲᠠᠷ ᠭᠠᠵᠠᠷ᠂ ᠬᠡᠷ ᠤᠨ ᠣᠷᠣᠶ ᠶᠢᠨ | ᠡᠬᠢ ᠪᠠᠶᠠᠯᠢᠭ ᠢ 1.2 ᠲᠦᠮᠡᠨ ᠮᠥ ᠡᠮᠬᠢᠯᠡᠨ ᠨᠡᠶᠢᠯᠡᠭᠦᠯᠵᠦ᠂ ᠤᠶᠤᠨᠲᠤ ᠬᠡᠷᠡᠯ ᠴᠡᠨᠡᠭ ᠤᠨ ᠲᠣᠨᠤᠭ ᠲᠥᠬᠦᠭᠡᠷᠦᠮᠵᠢ | ᠬᠢᠭᠡᠳ ᠡᠨᠧᠷᠭᠢ ᠬᠠᠳᠠᠭᠠᠯᠠᠬᠤ ᠰᠢᠰᠲ᠋ᠧᠮ ᠤᠨ ᠬᠤᠷᠠᠮᠠᠯ ᠮᠡᠷᠭᠡᠵᠢᠯ ᠢ ᠬᠡᠷᠡᠭᠯᠡᠨ᠂ ᠵᠢᠱᠢᠯᠲᠡ ᠪᠠᠷ ᠵᠢᠯ ᠤᠨ ᠴᠠᠬᠢᠯᠭᠠᠨ | ᠭᠠᠷᠭᠠᠬᠤ ᠬᠡᠮᠵᠢᠶ᠎ᠡ 1.2 ᠳ᠋ᠦᠩᠰᠢᠭᠤᠷ ᠭᠷᠠᠳᠦ᠋ᠰ ᠲᠤ ᠬᠦᠷᠴᠦ᠂ ᠪᠥᠬᠦ ᠰᠢᠶᠠᠨ ᠤ 15% ᠶᠢᠨ ᠴᠠᠬᠢᠯᠭᠠᠨ | ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠵᠢᠯ ᠳᠤ 10 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠪᠠᠭᠠᠰᠬᠠᠨ᠎ᠠ᠃ 2025 ᠣᠨ ᠤ 4 ᠰᠠᠷ᠎ᠠ ᠪᠣᠯᠲᠠᠯ᠎ᠠ᠂ ᠲᠥᠷᠥᠯ ᠵᠤᠶᠢᠯ ᠳᠤ ᠨᠢᠭᠡᠨᠲᠡ 6400 ᠲᠦᠮᠡᠨ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 3 ᠴᠠᠬᠢᠯᠭᠠᠨ ᠥᠷᠲᠡᠭᠡ ᠶᠢ ᠪᠠᠶᠢᠭᠤᠯᠵᠤ᠂ 300 | ᠭᠠᠷᠤᠶ ᠠᠵᠢᠯ ᠤᠨ ᠪᠠᠶᠢᠷᠢ ᠶᠢ ᠳᠠᠶᠢᠴᠢᠯᠠᠵᠤ᠂ ᠭᠠᠵᠠᠷ ᠰᠢᠷᠣᠶ ᠶᠢᠨ ᠡᠷᠭᠢᠯᠲᠡ ᠶᠢᠨ ᠠᠰᠢᠭ ᠣᠷᠣᠯᠭ᠎ᠠ ᠶᠢ 450 | ᠲᠦᠮᠡᠨ ᠲᠥᠭᠦᠷᠢᠭ ᠪᠡᠶᠡᠯᠡᠭᠦᠯᠪᠡ᠃ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠶᠢᠨ ᠲᠥᠯᠥᠭᠡ᠂ ᠨᠢᠩᠴᠧᠩ ᠰᠢᠶᠠᠨ ︽ᠭᠠᠵᠠᠷ | ᠠᠪᠤᠮᠠᠭᠴᠠ ᠠᠵᠢᠯ ᠡᠬᠢᠯᠡᠭᠦᠯᠬᠦ︾ ᠬᠢᠨᠠᠨ ᠵᠥᠪᠰᠢᠶᠡᠷᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠴᠠᠭ ᠢ 6% ᠪᠠᠷ ᠪᠠᠭᠠᠰᠬᠠᠪᠠ᠃ ᠡᠭᠦᠨ ᠤ | ᠬᠠᠮᠲᠤ 1 ᠳ᠋ᠦᠩᠰᠢᠭᠤᠷ ᠲᠥᠭᠦᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢ ᠮᠥᠩᠭᠦ ᠶᠢ | ᠪᠠᠶᠢᠭᠤᠯᠵᠤ᠂ ᠬᠡᠷᠡᠯ ᠴᠡᠨᠡᠭ ᠤᠨ ᠲᠥᠷᠥᠯ ᠵᠦᠢᠯ ᠳᠤ 0. 2 ᠲᠥᠭᠦᠷᠢᠭ / ᠭᠷᠠᠳᠦ᠋ᠰ ᠤᠨ ᠴᠠᠬᠢᠯᠭᠠᠨ ᠤ ᠨᠥᠬᠦᠪᠥᠷᠢ | ᠣᠯᠭᠤᠵᠤ᠂ ᠬᠤᠸᠠ ᠨᠧᠩ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠵᠡᠷᠭᠡ ᠲᠥᠪ ᠤᠨ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢ ᠲᠠᠲᠠᠪᠠ᠃ | ᠡᠷᠭᠢᠯᠲᠡᠲᠦ ᠠᠵᠤ ᠠᠬᠤᠢ ᠶᠢᠨ ᠬᠦᠷᠢᠶᠡᠨ ᠳᠤ᠂ ᠨᠢᠩᠴᠧᠩ ᠰᠢᠶᠠᠨ ᠤ ᠠᠮᠢᠳᠤᠷᠠᠯ ᠤᠨ ᠬᠤᠭ ᠨᠣᠪᠰᠢ ᠶᠢ | ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠤᠶᠢᠯ ᠵᠢᠯ ᠳᠤ 15 ᠲᠦᠮᠡᠨ ᠲᠣᠨ᠂ ᠴᠠᠬᠢᠯᠭᠠᠨ ᠭᠠᠷᠭᠠᠬᠤ 3800 | ᠲᠦᠮᠡᠨ ᠭᠷᠠᠳᠦ᠋ᠰ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 600 ᠲᠣᠨ / ᠡᠳᠦᠷ ᠤᠨ ᠵᠤᠤᠬ᠎ᠠ ᠶᠢᠨ | ᠰᠢᠭᠠᠷᠤ ᠶᠢ ᠰᠢᠢᠳᠪᠦᠷᠢᠯᠡᠬᠦ ᠦᠢᠯᠡᠳᠪᠦᠷᠢᠯᠡᠯ ᠤᠨ ᠱᠤᠭᠤᠮ ᠢ ᠢᠵᠢ ᠪᠦᠷᠢᠳᠦᠭᠦᠯᠦᠨ ᠪᠠᠶᠢᠭᠤᠯᠵᠤ᠂ ᠦᠯᠡᠳᠡᠭᠳᠡᠯ | ᠰᠢᠭᠠᠷᠤ ᠶᠢ ᠪᠠᠷᠢᠯᠭ᠎ᠠ ᠶᠢᠨ ᠮᠠᠲ᠋ᠧᠷᠢᠶᠠᠯ ᠪᠣᠯᠭᠠᠵᠤ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 95 % ᠳᠤ | ᠬᠦᠷᠪᠠ᠃ |