| ᠣᠶᠢᠷ᠎ᠠ ᠳᠤ᠂ ᠭᠡᠭᠡᠨ ᠬᠤᠲᠠ ᠪᠠᠯᠭᠠᠰᠤ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ | ᠣᠷᠣᠨ ᠤ ᠪᠠᠨ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ ᠲᠤ ᠭᠦᠨᠵᠡᠭᠡᠶᠢᠷᠡᠨ ᠢᠳᠡᠭᠡᠨ ᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ︽ᠥᠴᠦᠬᠡᠨ ᠴᠦ ᠠᠭᠤᠴᠢᠯᠠᠬᠤ ᠥᠬᠡᠶ︾ | ᠣᠪᠣᠷ ᠢᠶᠠᠷ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠣᠯᠠᠨ ᠲᠦᠮᠡᠨ ᠤ ︽ | ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | ᠪᠠᠶᠢᠴᠠᠭᠠᠯᠲᠠ ᠶᠢᠨ ᠠᠵᠢᠯᠯᠠᠭ᠎ᠠ ᠳᠤ ᠭᠤᠤᠯᠳᠠᠭᠤ ᠣᠯᠠᠨ ᠲᠦᠮᠡᠨ ᠤ ᠡᠳᠦᠷ ᠲᠤᠲᠤᠮ ᠤᠨ ᠬᠡᠷᠡᠭᠯᠡᠭᠡᠨ ᠤ | ᠬᠡᠮᠵᠢᠶ᠎ᠡ ᠪᠠᠷ ᠶᠡᠭᠡ ᠠᠮᠤ ᠪᠤᠳᠠᠭ᠎ᠠ᠂ ᠲᠣᠰᠣ᠂ ᠮᠢᠬ᠎ᠠ᠂ ᠥᠨᠳᠡᠭᠡ᠂ ᠰᠦ᠂ ᠢᠳᠡᠰᠢᠨ ᠨᠣᠭᠤᠭ᠎ᠠ᠂ ᠵᠢᠮᠢᠰ ᠵᠡᠷᠭᠡ | ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠪᠠ ᠤᠷᠢᠳᠴᠢᠯᠠᠨ ᠪᠣᠭᠤᠳᠠᠯᠯᠠᠬᠤ ᠢᠳᠡᠭᠡᠨ ᠳᠤ ᠠᠩᠬᠠᠷᠤᠯ ᠢᠶᠠᠨ | ᠲᠥᠪᠯᠡᠷᠡᠭᠦᠯᠪᠡ᠃ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠢᠳᠡᠭᠡᠨ ᠤ ᠡᠵᠡᠩᠨᠡᠯᠲᠡ ᠶᠢᠨ ᠨᠢᠭᠡᠴᠢ ᠶᠢᠨ | ᠡᠵᠡᠩᠨᠡᠯᠲᠡ ᠶᠢᠨ ᠬᠢᠷᠢ ᠬᠡᠮ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠬᠤᠳᠠᠯᠳᠤᠭᠠᠨ ᠤ ᠬᠡᠲᠦ ᠳᠡᠯᠭᠡᠭᠦᠷ ᠲᠤ | ᠴᠥᠮ ᠬᠠᠤᠯᠢ ᠶᠣᠰᠣᠨ ᠤ ᠬᠦᠴᠦᠨ ᠪᠥᠬᠦᠶ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ᠲᠠᠢ ᠪᠥᠭᠡᠳ ᠭᠡᠷᠡᠴᠢ ᠦᠨᠡᠮᠯᠡᠯ ᠤᠨ ᠮᠡᠳᠡᠭᠡ ᠵᠠᠩᠭᠢ ᠨᠢ ᠪᠣᠳᠠᠲᠠᠶ ᠡᠵᠡᠩᠨᠡᠯᠲᠡ ᠶᠢᠨ | ᠪᠠᠶᠢᠳᠠᠯ ᠲᠠᠢ ᠨᠢᠭᠡᠳᠦᠯᠲᠡᠶ ᠪᠠᠶᠢᠬᠤ ᠶᠢ ᠪᠠᠶᠢᠴᠠᠭᠠᠪᠠ᠃ ᠡᠭᠦᠨ ᠤ ᠬᠠᠮᠲᠤ᠂ ᠢᠳᠡᠭᠡᠨ ᠤ ᠪᠠᠷᠠᠭ᠎ᠠ ᠣᠷᠣᠭᠤᠯᠬᠤ | ᠠᠷᠭ᠎ᠠ ᠵᠠᠮ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠵᠡᠷᠭᠡ ᠳᠤ | ᠨᠠᠷᠢᠨ ᠪᠠᠶᠢᠴᠠᠭᠠᠯᠲᠠ ᠬᠢᠵᠦ᠂ ᠬᠤᠳᠠᠯᠳᠤᠭᠠᠨ ᠤ ᠬᠡᠲᠦ ᠳᠡᠯᠭᠡᠭᠦᠷ ᠤᠨ ᠡᠵᠡᠩᠨᠡᠭᠴᠢᠳ ᠢ ᠢᠳᠡᠭᠡᠨ ᠤ ᠪᠠᠷᠠᠭ᠎ᠠ | ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠭᠰᠠᠨ ᠢᠳᠡᠭᠡᠨ ᠤ | ᠢᠷᠡᠯᠲᠡ ᠶᠢ ᠨᠡᠬᠡᠮᠵᠢᠯᠡᠵᠦ ᠪᠣᠯᠬᠤ᠂ ᠶᠠᠰᠤ ᠴᠢᠨᠠᠷ ᠤᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ | ᠬᠤᠳᠠᠯᠳᠤᠨ ᠠᠪᠬᠤ᠂ ᠪᠣᠷᠣᠯᠠᠭᠤᠯᠬᠤ ᠢᠷᠡᠯᠲᠡ ᠨᠢ ᠲᠣᠳᠣᠷᠬᠠᠶ ᠥᠬᠡᠶ᠂ ᠬᠤᠭᠤᠴᠠᠭ᠎ᠠ ᠠᠴᠠ ᠬᠡᠲᠦᠷᠡᠭᠰᠡᠨ | ᠴᠢᠨᠠᠷ ᠨᠢ ᠬᠤᠪᠢᠷᠬᠠᠰᠠᠨ ᠵᠢᠴᠢ ︽ᠭᠤᠷᠪᠠ ᠦᠭᠡᠶ︾ ᠢᠳᠡᠭᠡᠨ ᠢ ᠲᠠᠰᠤ ᠵᠣᠭᠰᠣᠭᠠᠬᠤ ᠶᠢ ᠱᠠᠭᠠᠷᠳᠠᠪᠠ᠃ | ᠪᠠᠶᠢᠴᠠᠭᠠᠬᠤ ᠶᠠᠪᠤᠴᠠ ᠳᠤ ᠪᠠᠶᠢᠴᠠᠭᠠᠬᠤ ᠳᠤᠭᠤᠶᠢᠯᠠᠩ ᠪᠠᠰᠠ ᠢᠳᠡᠭᠡᠨ ᠬᠠᠳᠠᠭᠠᠯᠠᠬᠤ ᠨᠥᠬᠦᠴᠡᠯ ᠪᠣᠯᠤᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠬᠥᠯᠳᠡᠭᠡᠨ | ᠬᠠᠳᠠᠭᠠᠯᠠᠬᠤ ᠢᠳᠡᠭᠡᠨ ᠤ ᠵᠦᠢᠯ ᠤᠨ ᠬᠠᠳᠠᠭᠠᠯᠠᠯᠲᠠ ᠶᠢᠨ ᠳᠤᠯᠠᠭᠠᠨ ᠤ ᠬᠡᠮᠵᠢᠶ᠎ᠡ ᠨᠢ ᠱᠠᠭᠠᠷᠳᠠᠯᠭ᠎ᠠ ᠳᠤ ᠨᠡᠶᠢᠴᠡᠵᠦ | ᠪᠠᠶᠢᠬᠤ ᠡᠰᠡᠬᠦ᠂ ᠬᠠᠳᠠᠭᠠᠯᠠᠬᠤ ᠲᠥᠬᠦᠭᠡᠷᠦᠮᠵᠢ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ᠂ | ᠢᠳᠡᠭᠡᠨ ᠤ ᠵᠦᠢᠯ ᠤᠨ ᠲᠠᠷᠬᠠᠯᠲᠠ ᠨᠢ ᠵᠢᠷᠤᠮᠵᠢᠭᠰᠠᠨ ᠡᠰᠡᠬᠦ᠂ ᠰᠣᠯᠪᠢᠴᠠᠭᠰᠠᠨ ᠪᠣᠬᠢᠷᠲᠤᠯ ᠣᠷᠣᠰᠢᠵᠤ ᠪᠠᠶᠢᠬᠤ | ᠡᠰᠡᠬᠦ ᠵᠡᠷᠭᠡ ᠠᠰᠠᠭᠤᠳᠠᠯ ᠢ ᠪᠠᠶᠢᠴᠠᠭᠠᠪᠡ᠃ ᠬᠤᠳᠠᠯᠳᠤᠭᠠᠨ ᠤ ᠬᠡᠲᠦ ᠳᠡᠯᠭᠡᠭᠦᠷ ᠤᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃ ᠡᠭᠦᠨ ᠳᠤ ᠡᠵᠡᠩᠨᠡᠯᠲᠡ ᠶᠢᠨ ᠲᠠᠯᠠᠪᠤᠷ ᠤᠨ | ᠠᠷᠢᠭᠤᠨ ᠴᠡᠪᠡᠷ ᠤᠨ ᠬᠡᠮᠵᠢᠶ᠎ᠡ᠂ ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠬᠤᠷᠣᠬᠠᠶ ᠶᠢ | ᠰᠡᠷᠭᠡᠶᠢᠯᠡᠬᠦ ᠵᠡᠷᠭᠡ ᠪᠡᠯᠡᠳᠬᠡᠮᠵᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠥᠭᠡᠳ ᠬᠡᠪ ᠤᠨ ᠶᠣᠰᠣᠭᠠᠷ ᠬᠡᠷᠡᠭᠯᠡᠵᠦ | ᠪᠠᠶᠢᠬᠤ ᠡᠰᠡᠬᠦ ᠵᠡᠷᠭᠡ ᠶᠢ ᠪᠠᠭᠲᠠᠭᠠᠨ᠎ᠠ᠃ ᠡᠭᠦᠨ ᠠᠴᠠ ᠭᠠᠳᠠᠨ᠎ᠠ᠂ ᠪᠠᠶᠢᠴᠠᠭᠠᠬᠤ ᠳᠤᠭᠤᠶᠢᠯᠠᠩ ᠢᠳᠡᠭᠡᠨ ᠤ | ᠱᠣᠰᠢᠭ᠎ᠠ ᠲᠡᠮᠳᠡᠭ ᠲᠤ ᠪᠠᠰᠠ ᠨᠠᠷᠢᠨ ᠨᠢᠮᠪᠠᠶ ᠪᠠᠶᠢᠴᠠᠭᠠᠯᠲᠠ ᠬᠢᠵᠦ᠂ ᠢᠳᠡᠭᠡᠨ ᠤ ᠱᠣᠰᠢᠭ᠎ᠠ ᠳᠤ ᠲᠡᠮᠳᠡᠭᠯᠡᠭᠰᠡᠨ | ᠠᠭᠤᠯᠭ᠎ᠠ ᠶᠢᠨ ᠦᠨᠡᠨ ᠪᠣᠳᠠᠲᠠᠶ᠂ ᠣᠨᠣᠪᠴᠢᠲᠠᠶ᠂ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠨ᠎ᠠ᠃ ᠭᠡᠭᠡᠨ | ᠬᠤᠲᠠ ᠪᠠᠯᠭᠠᠰᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠳᠡᠭᠡᠨ ᠤ ᠠᠮᠤᠷ ᠲᠦᠪᠰᠢᠨ ᠤ ᠲᠤᠰᠬᠠᠢ | ᠪᠠᠶᠢᠴᠠᠭᠠᠯᠲᠠ ᠪᠠ ︽ᠡᠷᠬᠢᠨ ᠬᠠᠷᠠᠬᠤ︾ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠨ᠎ᠠ᠃ ᠡᠭᠦᠨ ᠤ ᠬᠠᠮᠲᠤ᠂ | ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ | ᠲᠦᠮᠡᠨ ᠤ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠳᠤ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ᠂ | ᠬᠠᠮᠲᠤ ᠪᠠᠷ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶ᠎ᠠ ᠣᠷᠣᠨ ᠤ ᠣᠯᠠᠨ | ᠲᠦᠮᠡᠨ ᠳᠤ ᠠᠮᠤᠷ ᠲᠦᠪᠰᠢᠨ᠂ ᠰᠠᠨᠠᠭ᠎ᠠ ᠠᠮᠤᠷ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠡ᠃ | |