ᠨᠢᠩᠴᠧᠩ ᠰᠢᠶᠠᠨ ᠤᠯᠠᠨ ᠠᠷᠭ᠎ᠠ ᠶᠢ ᠵᠡᠷᠭᠡ ᠪᠠᠷ ᠬᠡᠷᠡᠭᠯᠡᠨ ᠠᠵᠢᠯ ᠤᠯᠭᠤᠯᠳᠠ ᠶᠢ ᠠᠬᠢᠭᠤᠯᠵᠤ ᠦᠷ᠎ᠠ ᠪᠦᠳᠦᠭᠡᠯ ᠨᠢ ᠳᠤᠪᠤᠶᠢᠮ᠎ᠠ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/5/14
    ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠢᠩᠴᠧᠩ ᠰᠢᠶᠠᠨ ᠢᠳᠡᠪᠬᠢᠲᠡᠶ ᠪᠠᠷ ᠬᠥᠳᠡᠯᠦᠯᠴᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠣᠭᠤᠷᠢᠨ ᠳᠤ ᠠᠯᠢ ᠣᠯᠠᠨ ᠪᠦᠲᠦᠮᠵᠢᠲᠡᠶ ᠠᠵᠢᠯ ᠥᠷᠨᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃     ᠨᠢᠭᠡ ᠳᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠤᠨ᠎ᠠ᠃ ᠨᠢᠩᠴᠧᠩ ᠰᠢᠶᠠᠨ ᠠᠵᠢᠯ ᠣᠯᠭᠤᠬᠤ ᠦᠢᠯᠡᠰ ᠪᠣᠰᠬᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠡᠶᠢᠲᠡᠯᠡᠵᠦ᠂ ᠠᠵᠢᠯ ᠣᠯᠭᠤᠬᠤ ᠠᠵᠢᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ 2024 ᠣᠨ ᠳᠤ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ 2000 ᠲᠦᠮᠡᠨ ᠲᠥᠭᠦᠷᠢᠭ ᠲᠠᠯᠪᠢᠵᠤ᠂ 300 ᠦᠢᠯᠡᠰ ᠴᠣᠭᠴᠠᠯᠠᠭᠴᠢ ᠶᠢᠨ ᠦᠢᠯᠡᠰ ᠴᠣᠭᠴᠠᠯᠠᠬᠤ ᠵᠠᠮ ᠢ ᠠᠮᠵᠢᠯᠲᠠ ᠲᠠᠢ ᠪᠠᠷ ᠨᠡᠭᠡᠭᠡᠬᠦ ᠳᠤ ᠬᠦᠴᠦᠨ ᠨᠡᠮᠡᠷᠢᠯᠡᠵᠦ᠂ 1500 ᠬᠥᠮᠦᠨ ᠢ ᠳᠠᠶᠢᠴᠢᠯᠠᠨ ᠠᠵᠢᠯ ᠣᠯᠭᠤᠬᠤ ᠶᠢ ᠪᠡᠶᠡᠯᠡᠭᠦᠯᠪᠡ᠃ ᠡᠭᠦᠨ ᠤ ᠬᠠᠮᠲᠤ᠂ 120 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ 500 ᠲᠦᠮᠡᠨ ᠲᠥᠭᠦᠷᠢᠭ ᠲᠠᠷᠬᠠᠭᠠᠵᠤ᠂ 4000 ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠪᠦᠲᠦᠮᠵᠢᠲᠡᠶ ᠲᠣᠭᠲᠠᠪᠤᠷᠢᠵᠢᠭᠤᠯᠪᠠ᠃     ᠬᠤᠶᠠᠷ ᠲᠤ᠂ ᠤᠷ᠎ᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯ ᠣᠯᠭᠤᠯᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠤᠨ ᠬᠥᠳᠡᠯᠮᠦᠷᠢᠯᠡᠭᠴᠢᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠡᠯ᠎ᠡ ᠲᠥᠷᠥᠯ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠶᠡᠬᠡᠪᠡᠷ ᠦᠷᠨᠢᠭᠦᠯᠪᠡ᠃ ᠨᠡᠶᠢᠲᠡ 80 ᠬᠤᠭᠤᠴᠠᠭ᠎ᠠ ᠪᠣᠯᠪᠠᠰᠤᠷᠠᠯ ᠥᠷᠨᠢᠭᠦᠯᠵᠦ᠂ 2000 ᠬᠥᠮᠦᠨ ᠤᠳᠠᠭ᠎ᠠ ᠪᠣᠯᠪᠠᠰᠤᠷᠠᠯ ᠬᠦᠷᠲᠡᠭᠡᠵᠦ᠂ ᠬᠡᠷ ᠤᠨ ᠶᠠᠪᠤᠳᠠᠯ ᠤᠨ ᠦᠢᠯᠡᠴᠢᠯᠡᠭᠡ᠂ ᠴᠠᠬᠢᠯᠭᠠᠨ ᠤ ᠠᠵᠢᠯᠴᠢᠨ᠂ ᠭᠠᠩᠨᠠᠭᠴᠢ ᠵᠡᠷᠭᠡ ᠬᠠᠯᠠᠮᠰᠢᠯ ᠬᠦᠷᠢᠶ᠎ᠡ ᠶᠢ ᠬᠠᠮᠤᠷᠪᠠ᠃ ᠪᠣᠯᠪᠠᠰᠤᠷᠠᠯ ᠤᠨ ᠦᠷ᠎ᠡ ᠪᠦᠲᠦᠮᠵᠢ ᠢᠯᠡᠳᠲᠡ᠂ ᠪᠣᠯᠪᠠᠰᠤᠷᠠᠯ ᠤᠨ ᠳᠠᠷᠠᠭᠠᠬᠢ ᠠᠵᠢᠯ ᠣᠯᠬᠤ ᠨᠣᠷᠮ᠎ᠠ 85% ᠳᠤ ᠬᠦᠷᠴᠦ᠂ ᠬᠥᠳᠡᠯᠮᠦᠷᠢᠴᠢᠳ ᠤᠨ ᠠᠵᠢᠯ ᠣᠯᠬᠤ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠦᠨᠡᠨᠬᠦ ᠳᠡᠭᠡᠭᠰᠢᠯᠡᠭᠦᠯᠪᠡ᠃     ᠭᠤᠷᠪᠠ ᠳᠤ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠤᠯᠠᠨ ᠠᠵᠢᠯ ᠤᠨ ᠪᠠᠶᠢᠷᠢ ᠶᠢ ᠡᠭᠦᠳᠪᠡ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠠᠵᠤ ᠠᠬᠤᠶᠢᠯᠠᠯ ᠯᠤᠭ᠎ᠠ ᠨᠢᠭᠲᠠ ᠵᠣᠯᠭᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠠᠵᠢᠯ ᠣᠯᠭᠤᠬᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠢᠳᠡᠪᠬᠢᠲᠡᠶ ᠪᠠᠷ ᠴᠤᠭᠯᠠᠭᠤᠯᠤᠨ᠎ᠠ᠃ ᠣᠳᠣᠬᠠᠨ ᠪᠣᠯᠲᠠᠯ᠎ᠠ᠂ ᠠᠵᠢᠯᠲᠠᠨ ᠡᠯᠰᠡᠬᠦ ᠴᠤᠭᠯᠠᠭᠠᠨ ᠢ 30 ᠲᠠᠯᠠᠪᠤᠷ ᠡᠷᠭᠢᠯᠡᠵᠦ᠂ 8000 ᠠᠵᠢᠯ ᠤᠨ ᠪᠠᠶᠢᠷᠢ ᠬᠠᠩᠭᠠᠵᠤ᠂ 3500 ᠬᠥᠮᠦᠨ ᠳᠤ ᠠᠵᠢᠯ ᠣᠯᠭᠤᠬᠤ ᠰᠠᠨᠠᠮᠵᠢ ᠲᠠᠢ ᠪᠣᠯᠪᠠ᠃ ᠡᠭᠦᠨ ᠠᠴᠠ ᠭᠠᠳᠠᠨ᠎ᠠ᠂ ᠰᠢᠶᠠᠨ ᠤ ᠬᠡᠪᠴᠢᠶᠡᠨ ᠤ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠭᠰᠡᠨ᠂ ᠵᠢᠱᠢᠶᠡᠯᠡᠪᠡᠯ ᠪᠡᠯᠡᠳᠭᠡᠮᠵᠢᠳᠤ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠵᠡᠷᠭᠡ ᠳᠤ 2500 ᠠᠵᠢᠯ ᠤᠨ ᠪᠠᠶᠢᠷᠢ ᠡᠭᠦᠳᠴᠦ᠂ ᠲᠤᠬᠠᠶ ᠶᠢᠨ ᠭᠠᠵᠠᠷ ᠤᠨ ᠬᠥᠳᠡᠯᠮᠦᠷᠢ ᠬᠦᠴᠦᠨ ᠳᠤ ᠨᠠᠩ ᠣᠯᠠᠨ ᠠᠵᠢᠯ ᠣᠯᠭᠤᠬᠤ ᠰᠣᠩᠭᠤᠯᠲᠠ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号