| ᠨᠢᠩᠴᠧᠩ ᠰᠢᠶᠠᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠣᠯᠠᠨ | ᠲᠦᠮᠡᠨ ᠳᠤ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠵᠦ᠂ ᠳᠠᠭᠠᠳᠬᠠᠯ ᠳᠤ ᠣᠷᠣᠯᠴᠠᠬᠤ ᠶᠢ | ᠥᠷᠭᠡᠳᠬᠡᠬᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ | ᠢᠯᠡᠳᠲᠡ ᠦᠷ᠎ᠡ ᠪᠦᠲᠦᠮᠵᠢ ᠤᠯᠪᠠ᠃ | ᠨᠢᠭᠡ ᠳᠤ᠂ ᠳᠠᠭᠠᠳᠬᠠᠯ ᠳᠤ ᠣᠷᠣᠯᠴᠠᠬᠤ ᠪᠦᠷᠬᠦᠴᠡ ᠶᠢ ᠥᠷᠭᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ | ᠰᠦᠯᠵᠢᠶᠡᠨ ᠤ ᠰᠠᠭᠤᠷᠢ ᠶᠢ ᠪᠠᠲᠤ ᠴᠣᠭᠴᠠᠯᠠᠨ᠎ᠠ᠃ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠥᠷᠭᠡᠨ ᠢᠶᠠᠷ ᠤᠬᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠦᠵᠡᠯ | ᠤᠬᠠᠮᠰᠠᠷ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠢᠳᠡᠪᠬᠢᠲᠡᠶ ᠪᠠᠷ ᠳᠠᠶᠢᠴᠢᠯᠠᠨ | ᠳᠠᠭᠠᠳᠬᠠᠯ ᠳᠤ ᠣᠷᠣᠯᠴᠠᠭᠤᠯᠤᠨ᠎ᠠ᠃ ᠪᠥᠬᠦ ᠰᠢᠶᠠᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠬᠥᠮᠦᠨ ᠤ ᠲᠤᠭ᠎ᠠ 52.3 ᠲᠦᠮᠡ ᠳᠤ ᠬᠦᠷᠴᠦ᠂ ᠳᠠᠭᠠᠳᠬᠠᠯ ᠳᠤ ᠣᠷᠣᠯᠴᠠᠭᠰᠠᠨ ᠨᠣᠷᠮ᠎ᠠ 98.5% ᠠᠴᠠ | ᠳᠡᠭᠡᠭᠰᠢ ᠳᠤ ᠲᠣᠭᠲᠠᠪᠤᠷᠢᠵᠢᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠣᠯᠠᠨ ᠲᠦᠮᠡᠨ ᠤ ᠡᠪᠡᠳᠴᠢᠨ | ᠦᠵᠡᠭᠦᠯᠵᠦ ᠳᠠᠷᠤᠭᠠᠰᠤ ᠶᠢ ᠬᠥᠩᠭᠡᠷᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠡᠭᠦᠨ ᠤ ᠬᠠᠮᠲᠤ᠂ | ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠳᠠᠭᠠᠳᠬᠠᠯ ᠳᠤ ᠣᠷᠣᠯᠴᠠᠵᠤ ᠲᠡᠳᠬᠦᠨ ᠲᠤᠰᠠᠯᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠲᠡᠳᠡᠨ ᠤ ᠪᠠᠰᠠ ᠡᠮ ᠡᠮᠨᠡᠯᠭᠡ ᠶᠢᠨ ᠳᠠᠭᠠᠳᠬᠠᠯ ᠤᠨ ᠠᠰᠠᠷᠠᠮᠵᠢ ᠭᠥᠷᠳᠡᠬᠦ ᠶᠢ | ᠦᠨᠡᠨ ᠬᠦ ᠪᠠᠲᠤᠯᠠᠵᠤ᠂ ᠡᠨᠡ ᠵᠢᠯ ᠬᠦᠴᠢᠷᠳᠡᠯᠲᠡᠶ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠵᠠᠷᠤᠳᠠᠯ ᠢ | ᠨᠡᠶᠢᠲᠡ 236.8 ᠲᠦᠮᠡᠨ ᠲᠥᠭᠦᠷᠢᠭ ᠲᠤᠰᠠᠯᠠᠵᠤ᠂ 3.2 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ | | ᠬᠤᠶᠠᠷ ᠲᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠎ᠡ᠃ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠬᠢᠲᠠᠳ ᠡᠮᠨᠡᠯᠭᠡ ᠶᠢᠨ ᠣᠷᠳᠣᠨ ᠢ ᠲᠣᠬᠢᠷᠠᠭᠤᠯᠤᠨ ᠪᠠᠶᠢᠭᠤᠯᠵᠤ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠣᠯᠤᠨ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ︵ᠥᠷᠲᠡᠭᠡ︶ ᠢ 96 ᠪᠠᠶᠢᠭᠤᠯᠪᠠ᠃ ᠣᠳᠣᠬᠠᠨ ᠳᠤ᠂ ᠨᠢᠩᠴᠧᠩ ᠰᠢᠶᠠᠨ ᠤ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 6 | ᠲᠥᠷᠥᠯ ᠠᠴᠠ ᠳᠡᠭᠡᠭᠰᠢᠬᠢ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠪᠠ ᠬᠡᠷ ᠪᠦᠯᠢ ᠶᠢᠨ ᠡᠮᠴᠢ ᠶᠢᠨ | ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠵᠦ᠂ ᠬᠢᠲᠠᠳ ᠡᠮ ᠡᠮᠨᠡᠯᠭᠡ ᠶᠢᠨ | ᠣᠨᠣᠰᠢᠯᠠᠨ ᠡᠮᠨᠡᠬᠦ ᠬᠥᠮᠦᠨ ᠤᠳᠠᠭ᠎ᠠ ᠶᠢᠨ ᠡᠵᠡᠯᠡᠬᠦ ᠬᠠᠷᠢᠴᠠᠯ ᠢ 38% ᠳᠤ ᠬᠦᠷᠭᠡᠪᠡ᠃ ᠦᠨᠳᠦᠰᠦᠨ ᠱᠠᠲᠤᠨ ᠤ | ᠡᠮᠴᠢᠯᠡᠭᠡᠨ ᠤ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠨᠡᠶᠢᠲᠡ | 2156 ᠬᠥᠮᠦᠨ ᠤᠳᠠᠭ᠎ᠠ ᠪᠣᠯᠪᠠᠰᠤᠷᠠᠯ ᠬᠢᠵᠦ᠂ ᠦᠨᠳᠦᠰᠦᠨ ᠱᠠᠲᠤᠨ ᠤ ᠡᠮᠴᠢᠯᠡᠭᠡᠨ ᠤ ᠡᠩᠨᠡᠭᠡ ᠶᠢᠨ ᠲᠤᠰᠬᠠᠶ | ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠬᠡᠷ ᠤᠨ ᠡᠭᠦᠳᠡᠨ ᠳᠤᠨᠢ ᠰᠢᠯᠢᠳᠡᠭ | ᠡᠮᠴᠢᠯᠡᠭᠡᠨ ᠤ ᠦᠢᠯᠡᠴᠢᠯᠡᠭᠡ ᠬᠦᠷᠲᠡᠭᠡᠪᠡ᠃ | ᠭᠤᠷᠪᠠ ᠳᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃ ᠡᠮᠴᠢᠯᠡᠭᠡᠨ ᠤ | ᠳᠠᠭᠠᠳᠬᠠᠯ ᠤᠨ ᠲᠠᠩᠰᠠ ᠲᠠᠶᠢᠯᠬᠤ ᠶᠠᠪᠤᠴᠠ ᠶᠢ ᠳᠥᠭᠦᠮᠴᠢᠯᠡᠵᠦ᠂ ︽ᠨᠢᠭᠡ ᠥᠷᠲᠡᠭᠡᠨ ᠤ ᠮᠠᠶ᠋ᠢᠭ︾ ᠤᠨ ᠳ᠋ᠦᠩᠨᠡᠨ | ᠪᠤᠳᠤᠬᠤ ᠦᠢᠯᠡᠴᠢᠯᠡᠭᠡ ᠶᠢ ᠬᠡᠷᠡᠭᠵᠢᠭᠦᠯᠦᠨ᠂ ᠣᠯᠠᠨ ᠲᠦᠮᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠡᠪᠡᠳᠴᠢᠨ ᠦᠵᠡᠭᠦᠯᠵᠦ ᠳ᠋ᠦᠩᠨᠡᠨ ᠪᠤᠳᠤᠬᠤ ᠦᠶ᠎ᠡ ᠳᠤ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ | ᠬᠡᠰᠡᠭ ᠢ ᠰᠢᠭᠤᠳ ᠬᠠᠰᠤᠵᠤ᠂ ᠳᠠᠬᠢᠨ ᠶᠠᠷᠰᠢᠭ ᠲᠦᠪᠡᠭᠲᠡᠶ ᠲᠠᠩᠰᠠ ᠲᠠᠶᠢᠯᠬᠤ ᠴᠢᠬᠤᠯᠠ ᠥᠬᠡᠶ ᠪᠣᠯᠵᠣ᠂ ᠲᠠᠩᠰᠠ | ᠲᠠᠶᠢᠯᠬᠤ ᠦᠶᠡᠯᠡᠯ ᠤᠨ ᠬᠤᠭᠤᠴᠠᠭ᠎ᠠ ᠶᠢ ᠶᠡᠭᠡ ᠪᠠᠷ ᠪᠣᠭᠤᠨᠢᠰᠬᠠᠪᠠ᠃ ᠡᠭᠦᠨ ᠤ ᠬᠠᠮᠲᠤ᠂ ᠡᠮ ᠡᠮᠨᠡᠯᠭᠡ ᠶᠢᠨ | ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠰᠦᠯᠵᠢᠶᠡᠨ ᠳᠡᠭᠡᠷ᠎ᠡ ᠳᠠᠭᠠᠳᠬᠠᠯ ᠳᠤ | ᠣᠷᠣᠯᠴᠠᠬᠤ ᠶᠢ ᠳᠠᠩᠰᠠᠯᠠᠬᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠣᠨᠳᠣᠤ ᠭᠠᠵᠠᠷ ᠲᠤ ᠡᠮᠴᠢᠯᠡᠭᠦᠯᠬᠦ ᠶᠢ | ᠳᠠᠩᠰᠠᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠪᠡᠶᠡᠯᠡᠭᠦᠯᠵᠦ᠂ ᠡᠨᠡ ᠵᠢᠯ ᠤᠨ ᠰᠦᠯᠵᠢᠶᠡᠨ | ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠬᠡᠮᠵᠢᠶ᠎ᠡ 18652 ᠬᠤᠪᠢ ᠪᠠᠶᠢᠵᠤ᠂ ᠶᠡᠷᠦᠩᠬᠡᠶ | ᠲᠤᠬᠠᠶᠢᠯᠠᠭᠰᠠᠨ ᠠᠵᠢᠯ ᠤᠨ 75% ᠶᠢ ᠡᠵᠡᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ | ᠲᠦᠢᠯ ᠤᠨ ᠶᠡᠭᠡ ᠲᠥᠬᠦᠮ ᠦᠵᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠦᠷ᠎ᠡ ᠪᠦᠲᠦᠮᠵᠢ | ᠪᠠ ᠶᠠᠰᠤ ᠴᠢᠨᠠᠷ ᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠢᠩᠴᠧᠩ ᠰᠢᠶᠠᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠣᠯᠠᠨ ᠲᠦᠮᠡᠨ ᠤ ᠡᠷᠡᠭᠦᠯ ᠮᠡᠨᠳᠦ ᠶᠢᠨ | ᠲᠦᠪᠰᠢᠨ ᠢᠯᠡᠳᠲᠡ ᠳᠡᠭᠡᠭᠰᠢᠯᠡᠵᠦ᠂ ᠡᠪᠡᠳᠴᠢᠨ ᠦᠵᠡᠭᠦᠯᠬᠦ ᠳᠤ ᠬᠠᠨᠤᠮᠵᠢᠲᠠᠶ ᠪᠠᠶᠢᠬᠤ ᠬᠡᠮᠵᠢᠶ᠎ᠡ 93% ᠳᠤ | ᠬᠦᠷᠴᠡᠶ᠃ ᠢᠷᠡᠭᠡᠳᠦᠢ ᠳᠤ᠂ ᠨᠢᠩᠴᠧᠩ ᠰᠢᠶᠠᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠪᠠᠨ | ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠲᠦᠮᠡᠨ ᠤ ᠡᠷᠡᠭᠦᠯ ᠮᠡᠨᠳᠤ ᠶᠢᠨ ᠠᠵᠠ ᠵᠢᠷᠭᠠᠯ ᠢ ᠲᠠᠰᠤᠷᠠᠯᠲᠠ ᠦᠭᠡᠢ | ᠳᠡᠭᠡᠭᠰᠢᠯᠡᠭᠦᠯᠤᠨ᠎ᠠ᠃ |