ᠨᠢᠩᠴᠧᠩ ᠰᠢᠶᠠᠨ ︽ᠭᠤᠷᠪᠠ ᠶᠢ ᠲᠥᠪᠯᠡᠷᠡᠭᠦᠯᠵᠦ︾ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/5/21
    ᠨᠢᠭᠡ ᠳᠤ᠂ ︽ᠥᠲᠡᠯᠪᠡᠯ ᠬᠦᠷᠳᠡᠬᠦ ᠠᠰᠠᠷᠠᠮᠵᠢ ᠲᠠᠢ︾ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠨᠢᠭᠲᠠ ᠰᠦᠯᠵᠢᠪᠡ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 8᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ 120 ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢ 3 ᠣᠷᠣᠭᠤᠯᠤᠨ ᠠᠪᠴᠢᠷᠠᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠤᠭᠤᠯᠠ ᠤᠮᠳᠠ᠂ ᠡᠮᠨᠡᠯᠭᠡ ᠶᠢ ᠲᠤᠰᠠᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠣᠲᠣ ᠪᠣᠯᠲᠠᠯ᠎ᠠ᠂ ᠨᠠᠰᠤᠲᠠᠶᠢᠴᠤᠳ ᠲᠤ ᠨᠡᠶᠢᠲᠡ 10 ᠲᠦᠮᠡᠨ ᠬᠥᠮᠦᠨ ᠤᠳᠠᠭ᠎ᠠ ᠦᠢᠯᠡᠴᠢᠯᠡᠵᠤ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠡᠳᠦᠷ ᠤᠨ ᠬᠠᠷᠠᠭᠠᠯᠵᠠᠯ ᠤᠨ ᠪᠦᠷᠬᠦᠴᠡ ᠶᠢᠨ ᠨᠣᠷᠮ᠎ᠠ 85% ᠳᠤ ᠬᠦᠷᠴᠦ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢᠯᠡᠳᠲᠡ ᠳᠡᠭᠡᠭᠰᠢᠯᠡᠪᠡ᠃     ᠬᠤᠶᠠᠷ ᠲᠤ᠂ ︽ᠰᠤᠷᠤᠯᠴᠠᠬᠤ ᠳᠤ ᠰᠤᠷᠭᠠᠨ ᠬᠥᠮᠦᠵᠢᠯ ᠲᠠᠢ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠪᠡ᠃ 1.2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠢ 15 ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 3000 ᠰᠤᠷᠤᠬᠴᠢ ᠶᠢᠨ ᠤᠷᠤᠨ ᠲᠤᠭ᠎ᠠ ᠶᠢ ᠨᠡᠮᠡᠭᠳᠡᠭᠦᠯᠪᠡ᠃ ︽ᠨᠠᠷᠠᠲᠤ ᠪᠠᠭᠰᠢ ᠶᠢ ᠣᠷᠣᠭᠤᠯᠤᠨ ᠠᠪᠴᠢᠷᠠᠬᠤ︾ ᠢᠨᠵᠧᠨᠧᠷᠢᠩ ᠢ ᠬᠡᠷᠡᠭᠵᠢᠭᠦᠯᠵᠦ᠂ 80 ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠪᠠᠭᠰᠢ ᠶᠢᠨ ᠪᠣᠯᠪᠠᠰᠤᠷᠠᠯ ᠢ 120 ᠲᠠᠯᠠᠪᠤᠷ ᠥᠷᠨᠢᠭᠦᠯᠪᠡ᠃ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 96.8% ᠳᠤ ᠬᠦᠷᠴᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃     ᠭᠤᠷᠪᠠ ᠳᠤ᠂ ︽ᠡᠪᠡᠳᠴᠢᠯᠡᠪᠡᠯ ᠡᠮᠨᠡᠯᠭᠡ ᠲᠠᠢ ᠪᠠᠶᠢᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ 18 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠢᠭᠡᠳ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠠᠯᠤᠰ ᠠᠴᠠ ᠣᠨᠣᠰᠢᠯᠠᠨ ᠡᠮᠨᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠡᠮᠴᠢᠯᠡᠭᠡᠨ ᠤ ᠲᠥᠬᠦᠭᠡᠷᠦᠮᠵᠢ ᠶᠢ 500 ᠭᠠᠷᠤᠶ ᠰᠢᠨ᠎ᠡ ᠪᠠᠷ ᠨᠡᠮᠡᠭᠳᠡᠭᠦᠯᠵᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠰᠦᠢᠳᠭᠡᠯ ᠬᠤᠷᠢᠶᠠᠬᠤ ᠥᠬᠡᠶ ᠪᠠᠷ 300 ᠭᠠᠷᠤᠶ ᠲᠠᠯᠠᠪᠤᠷ ᠥᠷᠨᠢᠭᠦᠯᠪᠡ᠃ ᠣᠲᠣ ᠪᠣᠯᠲᠠᠯ᠎ᠠ᠂ ᠰᠢᠶᠠᠨ ᠤ ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢ 92% ᠪᠣᠯᠲᠠᠯ᠎ᠠ ᠳᠡᠭᠡᠭᠰᠢᠯᠡᠭᠦᠯᠵᠦ᠂ ᠣᠯᠠᠨ ᠲᠦᠮᠡᠨ ᠬᠡᠷ ᠤᠨ ᠡᠭᠦᠳᠡᠨ ᠳᠤ ᠪᠠᠨ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠭᠥᠷᠳᠡᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号