ᠨᠢᠩᠴᠧᠩ ᠰᠢᠶᠠᠨ ᠤ ︽ᠭᠤᠷᠪᠠᠨ ᠬᠥᠳᠡᠯᠭᠡᠭᠦᠷ︾ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠳᠡᠯᠭᠡᠪᠡ
ᠨᠡᠶᠢᠲᠡᠯᠡᠭᠰᠡᠨ ᠴᠠᠭ᠄
2025/5/21
    ᠨᠢᠭᠡ ᠳᠤ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 5000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠥᠷᠨᠢᠭᠦᠯᠬᠦ ᠶᠢ ᠳᠠᠮᠵᠢᠵᠤ᠂ 12ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 35 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠪᠠ᠃ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠲᠠᠪᠴᠠᠩ 6 ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 20 ᠬᠤᠪᠢᠷᠠᠭᠤᠯᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8.5% ᠪᠠᠷ ᠨᠡᠮᠡᠭᠳᠡᠪᠡ᠃     ᠬᠤᠶᠠᠷ ᠲᠤ᠂ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ︾ ᠪᠠᠷ ᠬᠥᠳᠡᠯᠭᠡᠭᠦᠷ ᠪᠣᠯᠭᠠᠵᠤ᠂ ᠬᠥᠭᠵᠢᠯᠲᠡ ᠶᠢᠨ ᠨᠥᠭᠡᠴᠡ ᠬᠦᠴᠦᠨ ᠢ ᠬᠤᠷᠠᠮᠳᠤᠭᠤᠯᠤᠨ᠎ᠠ᠃ ᠭᠤᠤᠯᠳᠠᠯᠭ᠎ᠠ ᠲᠠᠢ ᠲᠥᠷᠥᠯ ᠵᠤᠶᠢᠯ ᠤᠨ ᠲᠤᠰᠬᠠᠶ ᠠᠩᠭᠢ ᠶᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠤᠶᠢᠯ ᠢ 32 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 120 ᠳ᠋ᠦᠩᠰᠢᠭᠤᠷ ᠲᠥᠭᠦᠷᠢᠭ ᠪᠣᠯᠤᠨ᠎ᠠ︔ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠵᠦ᠂ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 60 % ᠪᠠᠷ ᠪᠠᠭᠠᠰᠬᠠᠪᠠ᠃ ᠣᠳᠣᠬᠠᠨ ᠳᠤ᠂ ᠨᠢᠭᠡᠨᠲᠡ 15 ᠲᠥᠷᠥᠯ ᠵᠦᠢᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 25 ᠳ᠋ᠦᠩᠰᠢᠭᠤᠷ ᠲᠥᠭᠦᠷᠢᠭ ᠲᠤ ᠬᠦᠷᠤᠨ᠎ᠠ᠃     ᠭᠤᠷᠪᠠ ᠳᠤ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ︾ ᠪᠠᠷ ᠬᠥᠳᠡᠯᠭᠡᠭᠦᠷ ᠪᠣᠯᠭᠠᠵᠤ᠂ ᠠᠵᠤ ᠦᠢᠯᠡᠰ ᠤᠨ ᠵᠢᠷᠤᠭ ᠢ ᠥᠷᠭᠡᠳᠬᠡᠨ᠎ᠡ᠃ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ ᠡᠩᠨᠡᠭᠡ ᠶᠢ 5 ᠵᠣᠬᠢᠶᠠᠨ ᠪᠠᠶᠢᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 50 ᠭᠠᠷᠤᠶ ᠤᠳᠠᠭ᠎ᠠ ᠥᠷᠨᠢᠭᠦᠯᠵᠦ᠂ 28 ᠲᠥᠷᠥᠯ ᠵᠦᠢᠯ ᠳᠤ ᠭᠡᠷ᠎ᠡ ᠲᠣᠭᠲᠠᠵᠤ᠂ ᠶᠡᠷᠦᠩᠬᠡᠶ ᠪᠠᠯᠠ ᠣᠷᠣᠭᠤᠯᠤᠭᠰᠠᠨ ᠲᠤᠭ᠎ᠠ ᠨᠢ 80 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠪᠣᠬᠢᠷᠲᠤᠯ ᠥᠬᠡᠶ ᠢᠳᠡᠭᠡᠨ ᠪᠣᠯᠪᠠᠰᠤᠷᠠᠭᠤᠯᠬᠤ᠂ ᠰᠢᠨ᠎ᠡ ᠡᠨᠧᠷᠭᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ ᠤᠨ ᠡᠵᠡᠯᠡᠬᠦ ᠬᠠᠷᠢᠴᠠᠯ ᠢ 60 % ᠳᠤ ᠬᠦᠷᠦᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号