ᠨᠢᠩᠴᠧᠩ ᠰᠢᠶᠠᠨ ︽ᠭᠤᠷᠪᠠ ᠶᠢ ᠴᠢᠩᠭᠠᠳᠬᠠᠬᠤ︾ ᠠᠷᠭ᠎ᠠ ᠪᠠᠷ ᠠᠮᠢ ᠠᠬᠤᠢ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/5/21
    ᠨᠢᠭᠡ ᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠥᠬᠡ ᠣᠭᠲᠠᠷᠭᠤᠶ ᠬᠥᠬᠡᠮᠳᠦᠭ ᠤᠰᠤ ᠶᠢ ᠰᠠᠬᠢᠨ ᠬᠠᠮᠠᠭᠠᠯᠠᠪᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ ᠂ 30 ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠭᠳᠡᠭᠦᠯᠵᠦ᠂ 500 ᠴᠡᠪᠡᠷ ᠡᠨᠧᠷᠭᠢ ᠶᠢᠨ ᠲᠡᠷᠭᠡ ᠬᠥᠰᠬᠡ ᠶᠢ ᠳᠡᠯᠭᠡᠷᠡᠭᠦᠯᠪᠡ᠃ ᠤᠰᠤᠨ ᠤ ᠪᠣᠬᠢᠷᠲᠤᠯ ᠢ ᠵᠠᠰᠠᠬᠤ ᠶᠢ ᠠᠬᠢᠭᠤᠯᠵᠤ᠂ ᠪᠣᠬᠢᠷ ᠤᠰᠤ ᠰᠢᠢᠳᠪᠤᠷᠢᠯᠡᠬᠦ 2 ᠦᠢᠯᠡᠳᠪᠤᠷᠢ ᠶᠢ ᠪᠠᠶᠢᠭᠤᠯᠵᠤ᠂ 20 ᠺᠢᠯᠣᠮᠧᠲᠷ ᠭᠤᠤᠯ ᠤᠨ ᠬᠡᠪᠡᠯᠢ ᠶᠢ ᠴᠡᠪᠡᠷᠯᠡᠪᠡ᠃ ᠣᠲᠣ ᠪᠣᠯᠲᠠᠯ᠎ᠠ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 88 % ᠳᠤ ᠬᠦᠷᠴᠦ᠂ ᠭᠤᠤᠯ ᠪᠣᠯᠬᠤ ᠭᠤᠤᠯ ᠮᠥᠷᠡᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100 % ᠳᠤ ᠬᠥᠷᠪᠡ᠃     ᠬᠤᠶᠠᠷ ᠲᠤ᠂ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠵᠤ᠂ ᠨᠣᠭᠤᠭᠠᠨ ᠥᠩᠭᠡ ᠶᠢᠨ ᠠᠭᠤᠯᠬᠤᠨ ᠢ ᠵᠤᠵᠠᠭᠠᠳᠬᠠᠪᠠ᠃ ᠮᠣᠳᠣ ᠲᠠᠷᠢᠵᠤ ᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ 5 ᠲᠦᠮᠡᠨ ᠮᠦ ᠣᠶᠢᠵᠢᠭᠤᠯᠵᠤ᠂ 1 ᠲᠦᠮᠡᠨ ᠮᠦ ᠨᠤᠭᠤ ᠭᠠᠵᠠᠷ ᠢ ᠵᠠᠰᠠᠨ ᠰᠡᠷᠭᠦᠭᠡᠪᠡ᠃ 120 ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠣᠣᠷ ᠪᠠᠶᠢᠭᠤᠯᠵᠤ᠂ 300 ᠲᠤᠰᠬᠠᠢ ᠠᠵᠢᠯᠲᠠᠨ ᠲᠣᠬᠢᠷᠠᠭᠤᠯᠪᠠ᠃ ᠡᠳᠦᠭᠡ᠂ ᠰᠢᠶᠠᠨ ᠤ ᠬᠡᠪᠴᠢᠶᠡᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 48% ᠳᠤ ᠬᠦᠷᠴᠦ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃     ᠭᠤᠷᠪᠠ ᠳᠤ᠂ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ 120 ᠤᠳᠠᠭ᠎ᠠ ᠨᠡᠶᠢᠲᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 120 ᠤᠳᠠᠭ᠎ᠠ ᠥᠷᠨᠢᠭᠦᠯᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 15 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ 2000 ᠲᠦᠮᠡᠨ ᠲᠥᠭᠦᠷᠢᠭ ᠤᠨ ᠨᠥᠬᠦᠪᠥᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ ᠵᠠᠰᠠᠯᠲᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号