ᠨᠢᠩᠴᠧᠩ ᠰᠢᠶᠠᠨ ︽ᠭᠤᠷᠪᠠᠨ ᠲᠠᠯ᠎ᠠ ᠪᠠᠷ ᠬᠦᠴᠦᠯᠡᠵᠦ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠳᠤᠴᠠ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2025/5/23
     ᠨᠢᠭᠡ ᠳᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠦᠴᠦᠯᠡᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠣᠨᠴᠠᠯᠢᠭᠲᠤ ᠲᠠᠷᠢᠶᠠᠯᠠᠩ ᠤᠨ ᠡᠬᠢ ᠪᠠᠶᠠᠯᠢᠭ ᠲᠤ ᠲᠦᠰᠢᠭᠯᠡᠨ᠂ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠪᠦᠰᠡ ᠶᠢ 5 ᠪᠠᠶᠢᠭᠤᠯᠵᠤ᠂ ᠥᠨᠳᠥᠷ ᠪᠠᠷᠢᠮᠵᠢᠶᠠᠲᠤ ᠬᠦᠯᠡᠮᠵᠢ 1200 ᠶᠢ ᠰᠢᠨ᠎ᠡ ᠪᠠᠷ ᠪᠠᠶᠢᠭᠤᠯᠵᠤ᠂ ᠢᠳᠡᠰᠢᠨ ᠮᠥᠭᠦ᠂ ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠲᠠᠷᠢᠮᠠᠯ ᠤᠨ ᠰᠠᠭᠤᠷᠢᠨ ᠭᠠᠵᠠᠷ ᠢ 3 ᠲᠦᠮᠡᠨ ᠮᠥ ᠪᠤᠶᠢᠵᠢᠭᠤᠯᠪᠠ᠃ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠢ 10 ᠲᠡᠳᠬᠦᠵᠦ᠂ 1.2 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠪᠠ᠃ ᠡᠨᠡ ᠵᠢᠯ ᠠᠴᠠ ᠨᠠᠰᠢ᠂ ᠪᠥᠬᠦ ᠰᠢᠶᠠᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠬᠦᠨ ᠤ ᠥᠷᠲᠡᠭ 8 ᠳ᠋ᠦᠩᠰᠢᠭᠤᠷ ᠲᠥᠭᠦᠷᠢᠭ ᠢ ᠳᠠᠪᠠᠪᠠ᠃    ᠬᠤᠶᠠᠷ ᠲᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠳᠡᠭᠡᠷ᠎ᠡ ᠬᠦᠴᠦᠯᠡᠵᠦ᠂ ᠬᠥᠳᠡᠭᠡ ᠲᠣᠰᠬᠤᠨ ᠤ ᠦᠩᠬᠡ ᠵᠢᠰᠦ ᠶᠢ ᠴᠢᠮᠡᠭᠯᠡᠨ᠎ᠡ᠃ 8000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 35 ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠢᠨᠵᠧᠨᠧᠷᠢᠩ ᠢ ᠪᠡᠶᠡᠯᠡᠭᠦᠯᠵᠦ᠂ ᠬᠥᠳᠡᠭᠡ ᠲᠣᠰᠬᠤᠨ ᠤ 1.5 ᠲᠦᠮᠡᠨ ᠵᠣᠷᠯᠣᠩ ᠢ ᠥᠭᠡᠷᠡᠴᠢᠯᠡᠵᠦ᠂ 20 ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠪᠠ᠃ ᠣᠳᠣᠬᠠᠨ ᠳᠤ᠂ 85% ᠶᠢᠨ ᠵᠠᠰᠠᠭ ᠵᠠᠬᠢᠷᠭᠠᠨ ᠤ ᠲᠣᠰᠬᠤᠨ ᠮᠤᠵᠢ ᠶᠢᠨ ᠲᠡᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠷᠢᠮᠵᠢᠶ᠎ᠠ ᠳᠤ ᠬᠦᠷᠴᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠠᠶᠢᠳᠠᠯ ᠲᠠᠢ ᠪᠣᠯᠪᠠ᠃    ᠭᠤᠷᠪᠠ ᠳᠤ᠂ ᠰᠣᠶᠣᠯ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠦᠴᠦᠯᠡᠵᠦ᠂ ᠬᠥᠳᠡᠭᠡ ᠲᠣᠰᠬᠤᠨ ᠤ ᠬᠡᠪ ᠰᠤᠷᠲᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠲᠣᠰᠬᠤᠨ ᠤ ᠲᠠᠰ ᠤᠨ ᠰᠣᠶᠣᠯ ᠤᠨ ᠠᠭᠤᠳᠠᠮ ᠲᠠᠯᠠᠪᠠᠶ 150᠂ ᠲᠠᠷᠢᠶᠠᠴᠢᠨ ᠠᠶᠢᠯ ᠤᠨ ᠨᠣᠮ ᠤᠨ ᠥᠷᠥᠭᠡ 200 ᠪᠠᠶᠢᠭᠤᠯᠵᠤ᠂ ︽ᠰᠢ ᠵᠦᠴᠦᠭᠡ ᠶᠢ ᠬᠥᠳᠡᠭᠡ ᠬᠦᠷᠭᠡᠬᠦ︾᠂ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠰᠣᠶᠣᠯ ᠤᠨ ᠠᠵᠢᠯᠯᠠᠭ᠎ᠠ ᠶᠢ 200 ᠭᠠᠷᠤᠶ ᠲᠠᠯᠠᠪᠤᠷ ᠥᠷᠨᠢᠭᠦᠯᠪᠡ︔ ᠤᠯᠠᠮᠵᠢᠯᠠᠯᠲᠤ ᠲᠣᠰᠬᠤᠨ ᠤ ᠰᠣᠶᠣᠯ ᠢ ᠠᠭᠤᠳᠠᠯᠤᠨ ᠬᠠᠮᠠᠭᠠᠯᠠᠵᠤ᠂ 12 ᠡᠷᠲᠡᠨ ᠤ ᠪᠠᠷᠢᠯᠭ᠎ᠠ ᠶᠢ ᠰᠡᠯᠪᠢᠨ ᠵᠠᠰᠠᠪᠠ᠃ ᠬᠥᠳᠡᠭᠡ ᠲᠣᠰᠬᠤᠨ ᠤ ᠰᠣᠶᠣᠯ ᠤᠨ ᠵᠢᠭᠰᠠᠭᠠᠯ ᠤᠨ ᠭᠠᠵᠠᠷ ᠲᠡᠭᠦᠯᠳᠡᠷᠵᠢᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠡᠳᠦᠷ ᠢᠷᠡᠬᠦᠶ᠎ᠡ ᠥᠳᠬᠡᠷᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号