ᠨᠢᠩᠴᠧᠩ ᠰᠢᠶᠠᠨ ︽ᠭᠤᠷᠪᠠ ᠶᠢ ᠰᠢᠯᠢᠳᠡᠭᠵᠢᠭᠦᠯᠵᠦ︾ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠨ᠎ᠡ ᠥᠨᠳᠦᠷᠯᠢᠭ ᠢ  ᠪᠠᠶᠢᠭᠤᠯᠤᠨ᠎ᠠ
ᠨᠡᠶᠢᠲᠡᠯᠡᠭᠰᠡᠨ ᠴᠠᠭ᠄
2025/5/23
    ᠨᠢᠭᠡ ᠳᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠤᠶᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠶᠢ 100 % ᠪᠠᠷ ᠪᠡᠶᠡᠯᠡᠭᠦᠯᠵᠦ᠂ 90 % ᠠᠴᠠ ᠳᠡᠭᠡᠭᠰᠢᠬᠢ ᠵᠤᠶᠢᠯᠡᠰ ᠢ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠬᠦᠶᠦᠯᠭᠡᠨ᠎ᠡ︾᠃ ︽ᠰᠢᠶ᠋ᠳᠪᠦᠷᠢᠯᠡᠵᠦ ᠳᠡᠶᠢᠯᠬᠦ ᠥᠬᠡᠶ︾ ᠪᠠᠶᠢᠳᠠᠯ ᠢ ᠲᠤᠰᠬᠠᠬᠤ ᠴᠣᠩᠬᠤ ᠭᠠᠷᠭᠠᠵᠤ᠂ ᠠᠵᠤ ᠠᠬᠤᠶᠢᠯᠠᠯ ᠣᠯᠠᠨ ᠲᠦᠮᠡᠨ ᠤ 60 ᠭᠠᠷᠤᠶ ᠬᠦᠴᠢᠷ ᠲᠦᠪᠡᠭᠲᠡᠶ ᠠᠰᠠᠭᠤᠳᠠᠯ ᠢ ᠰᠢᠢᠳᠪᠤᠷᠢᠯᠡᠪᠡ᠃ ᠡᠨᠡ ᠵᠢᠯ ᠠᠴᠠ ᠨᠠᠰᠢ᠂ ᠠᠵᠤ ᠠᠬᠤᠶᠢᠯᠠᠯ ᠨᠡᠭᠡᠭᠡᠨ ᠡᠷᠭᠢᠯᠡᠬᠦ ᠴᠠᠭ ᠢ 0.5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ 1800 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ᠃    ᠬᠤᠶᠠᠷ ᠲᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ 15 ᠵᠤᠷᠪᠤᠰ ᠨᠡᠶᠢᠲᠡᠯᠡᠵᠦ᠂ ᠠᠵᠤ ᠠᠬᠤᠶᠢᠯᠠᠯ ᠳᠤ ᠨᠡᠶᠢᠲᠡ 1.2 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ 800 ᠲᠦᠮᠡᠨ ᠲᠥᠭᠦᠷᠢᠭ ᠲᠠᠷᠬᠠᠭᠠᠪᠠ᠃ ︽ᠮᠥᠩᠭᠦᠨ ᠭᠦᠢᠯᠭᠡᠭᠡ ᠶᠢ ᠠᠮᠢᠳᠤᠯᠢᠭᠵᠢᠭᠤᠯᠵᠤ ᠠᠵᠤ ᠠᠬᠤᠶᠢᠯᠠᠯ ᠤᠨ ᠬᠦᠴᠢᠷᠳᠡᠯ ᠢ ᠠᠷᠢᠯᠭᠠᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ 5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠪᠠ᠃ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠳᠡᠭᠡᠭᠰᠢᠯᠡᠭᠦᠯᠦᠭᠰᠡᠨ ᠨᠢ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠪᠦᠲᠦᠮᠵᠢᠲᠡᠶ ᠨᠡᠮᠡᠭᠳᠡᠭᠦᠯᠪᠡ᠃    ᠭᠤᠷᠪᠠ ᠳᠤ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠲᠥᠪ ᠭᠤᠣᠯᠴᠢ ᠣᠷᠴᠢᠨ ᠨᠥᠬᠦᠴᠡᠯ ᠢ ᠪᠤᠢ ᠪᠣᠯᠭᠠᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠴᠠᠭᠠᠬᠤ ᠤᠳᠠᠭ᠎ᠠ ᠶᠢ 30% ᠪᠠᠷ ᠪᠠᠭᠠᠰᠬᠠᠨ᠎ᠠ᠃ ᠠᠵᠤ ᠠᠬᠤᠶᠢᠯᠠᠯ ᠤᠨ ᠢᠲᠡᠭᠡᠮᠵᠢ ᠶᠢᠨ ᠳᠡᠰ ᠲᠥᠷᠥᠯ ᠬᠤᠪᠢᠶᠠᠨ ᠬᠠᠮᠢᠶᠠᠷᠬᠤ ᠳᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠬᠤ ᠬᠠᠷᠢᠴᠠᠯ ᠢ ᠪᠠᠭᠠᠰᠬᠠᠨ᠎ᠠ᠃ ᠣᠳᠣᠬᠠᠨ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ 98% ᠳᠤ ᠬᠦᠷᠴᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号