| ᠨᠢᠭᠡ ᠳᠤ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠤᠯᠠᠨ ᠲᠦᠮᠡᠨ ᠤ | ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠦᠨ᠎ᠡ᠃ ︽ ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠢᠨᠵᠧᠨ᠋ᠧᠷᠢᠩ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠨᠴᠠ ᠲᠣᠳᠣ ᠳᠦᠷᠰᠦ | ᠰᠢᠩᠭᠡᠭᠡᠬᠦ ᠮᠠᠰᠢᠨ ᠢ 3000 ᠰᠢᠨ᠎ᠡ ᠪᠠᠷ ᠤᠬᠰᠠᠷᠠᠵᠦ᠂ ᠭᠤᠤᠯᠳᠠᠯᠭ᠎ᠠ ᠲᠠᠢ ᠣᠷᠣᠨ ᠪᠦᠰᠡ᠂ ᠵᠠᠮ ᠤᠨ | ᠬᠡᠰᠡᠭ ᠲᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠲᠤᠰᠬᠠᠶ | ᠲᠤᠰᠢᠶᠠᠯᠲᠤ ᠲᠣᠭᠤᠷᠢᠨ ᠴᠠᠭᠳᠠᠬᠤ ᠡᠩᠨᠡᠭᠡ ᠶᠢ 20 ᠵᠣᠬᠢᠶᠠᠨ ᠪᠠᠶᠢᠭᠤᠯᠵᠤ᠂ 1200 ᠭᠠᠷᠤᠶ ᠤᠳᠠᠭ᠎ᠠ | ᠰᠥᠨᠢ ᠪᠠᠷ ᠲᠣᠭᠤᠷᠢᠨ ᠴᠠᠭᠳᠠᠪᠠ᠃ ᠡᠨᠡ ᠵᠢᠯ ᠠᠴᠠ ᠨᠠᠰᠢ᠂ ᠪᠥᠬᠦ ᠰᠢᠶᠠᠨ ᠤ ᠡᠷᠡᠭᠦᠦ ᠶᠢᠨ ᠬᠡᠷᠡᠭ ᠡᠭᠦᠰᠬᠦ | ᠨᠣᠷᠮ᠎ᠠ ᠠᠳᠠᠯᠢ ᠬᠤᠭᠤᠴᠠᠭᠠᠨ ᠤ ᠬᠢ ᠠᠴᠠ 25% ᠪᠠᠷ ᠪᠠᠭᠤᠷᠠᠵᠤ᠂ ᠣᠯᠠᠨ ᠲᠦᠮᠡᠨ ᠤ ᠠᠮᠤᠷ ᠲᠦᠪᠰᠢᠨ ᠤ | ᠲᠥᠷᠥᠭᠳᠡᠯ ᠢ 96 ᠬᠤᠪᠢ ᠳᠤ ᠬᠦᠷᠭᠡᠪᠡ᠃ | ᠬᠤᠶᠠᠷ ᠲᠤ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ | ᠡᠶᠡᠳᠡᠭᠦᠯᠬᠦ ᠲᠥᠪ ᠢ ᠪᠠᠶᠢᠭᠤᠯᠵᠤ᠂ 500 ᠡᠶᠡᠳᠡᠭᠦᠯᠡᠭᠴᠢ ᠶᠢ ᠰᠢᠩᠭᠡᠭᠡᠨ ᠠᠪᠴᠤ᠂ ᠵᠥᠷᠢᠴᠡᠯ ᠵᠢᠭᠤᠷᠠᠯᠳᠤᠭᠠᠨ ᠢ | ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠠᠷᠢᠯᠭᠠᠬᠤ ᠠᠵᠢᠯᠯᠠᠭ᠎ᠠ ᠶᠢ ᠥᠷᠨᠢᠭᠦᠯᠪᠡ᠃ ᠣᠳᠣᠬᠠᠨ ᠪᠣᠯᠲᠠᠯ᠎ᠠ᠂ | ᠨᠡᠶᠢᠲᠡ 1200 ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ | 98% ᠳᠤ ᠬᠦᠷᠴᠦ᠂ ᠵᠥᠷᠢᠴᠡᠯ ᠢ ᠦᠨᠳᠦᠰᠦᠨ ᠱᠠᠲᠤᠨ ᠳᠤ ᠪᠦᠲᠦᠮᠵᠢᠲᠡᠶ ᠪᠠᠷ ᠠᠷᠢᠯᠭᠠᠪᠠ᠃ | ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ | ᠲᠦᠪᠰᠢᠨ ᠤ ᠠᠳᠡᠯ ᠢ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ 800 ᠭᠠᠷᠤᠢ ᠤᠳᠠᠭ᠎ᠠ ᠥᠷᠨᠢᠭᠦᠯᠵᠦ᠂ 2000 ᠭᠠᠷᠤᠢ ᠭᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠪᠠ᠃ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ 50 ᠤᠳᠠᠭ᠎ᠠ ᠵᠣᠬᠢᠶᠠᠨ | ᠪᠠᠶᠢᠭᠤᠯᠵᠤ᠂ 1.2 ᠲᠦᠮᠡᠨ ᠬᠥᠮᠦᠨ ᠤᠳᠠᠭ᠎ᠠ ᠪᠣᠯᠪᠠᠰᠤᠷᠠᠯ ᠳᠤ ᠤᠷᠤᠯᠴᠠᠪᠠ᠃ ᠪᠦᠬᠦ ᠰᠢᠶᠠᠨ ᠤ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 30% ᠪᠠᠷ ᠪᠠᠭᠤᠷᠠᠵᠤ᠂ | ᠠᠮᠤᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃ |