ᠨᠢᠩᠴᠧᠩ ᠰᠢᠶᠠᠨ ᠠᠵᠢᠯ ᠣᠯᠭᠤᠯᠲᠠ ᠠᠷᠠᠳ ᠤᠨ ᠠᠮᠢᠳᠤᠷᠠᠯ ᠤᠨ ᠰᠠᠭᠤᠷᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/5/27
    ᠨᠢᠭᠡ ᠳᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠷ ᠠᠵᠢᠯ ᠣᠯᠭᠤᠯᠲᠠ ᠶᠢᠨ ᠠᠰᠢᠭ ᠲᠤᠰᠠ ᠶᠢ ᠪᠠᠳᠠᠷᠠᠭᠤᠯᠪᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ 10 ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ 8000 ᠲᠦᠮᠡᠨ ᠲᠥᠭᠦᠷᠢᠭ ᠲᠠᠯᠪᠢᠵᠤ᠂ 200 ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠳᠡᠮᠵᠢᠪᠡ᠃ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ᠂ ᠠᠵᠢᠯ ᠤᠨ ᠪᠠᠶᠢᠷᠢ ᠶᠢᠨ ᠨᠥᠬᠦᠪᠥᠷᠢ ᠵᠡᠷᠭᠡ 3000 ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ 150 ᠠᠵᠤ ᠠᠬᠤᠶᠢᠯᠠᠯ᠂ 5000 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 1.2 ᠲᠦᠮᠡᠨ ᠲᠣᠭᠲᠠᠪᠤᠷᠢᠵᠢᠭᠤᠯᠪᠠ᠃    ᠬᠤᠶᠠᠷ ᠲᠤ᠂ ᠪᠣᠯᠪᠠᠰᠤᠷᠠᠯ ᠤᠨ ᠪᠠᠲᠤᠯᠠᠭ᠎ᠠ᠂ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠵᠠᠬᠢᠶᠠᠯᠠᠭ᠎ᠠ ᠶᠢᠨ ᠬᠡᠯᠪᠡᠷᠢ︾᠂ ︽ᠬᠠᠨᠳᠤᠯᠭᠠᠲᠤ ᠮᠠᠶ᠋ᠢᠭ︾ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠬᠡᠷ ᠤᠨ ᠶᠠᠪᠤᠳᠠᠯ ᠤᠨ ᠦᠢᠯᠡᠴᠢᠯᠡᠭᠡ᠂ ᠴᠠᠬᠢᠯᠭᠠᠨ ᠤ ᠠᠵᠢᠯᠴᠢᠨ ᠵᠡᠷᠭᠡ ᠪᠣᠯᠪᠠᠰᠤᠷᠠᠯ ᠤᠨ ᠠᠩᠭᠢ ᠶᠢ 60 ᠬᠤᠭᠤᠴᠠᠭ᠎ᠠ ᠨᠡᠭᠡᠭᠡᠵᠦ᠂ 4000 ᠬᠥᠮᠦᠨ ᠤᠳᠠᠭ᠎ᠠ ᠪᠣᠯᠪᠠᠰᠤᠷᠠᠭᠤᠯᠪᠠ᠃ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ 5 ᠪᠠᠶᠢᠭᠤᠯᠵᠤ᠂ ᠪᠣᠯᠪᠠᠰᠤᠷᠠᠯ᠂ ᠳᠠᠳᠤᠯᠭ᠎ᠠ ᠬᠢᠬᠦ᠂ ᠠᠵᠢᠯ ᠣᠯᠭᠤᠬᠤ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠶᠢ ᠪᠡᠶᠡᠯᠡᠭᠦᠯᠪᠡ᠃ ᠪᠣᠯᠪᠠᠰᠤᠷᠠᠯ ᠤᠨ ᠳᠠᠷᠠᠭ᠎ᠠ ᠠᠵᠢᠯ ᠣᠯᠤᠭᠰᠠᠨ ᠨᠣᠷᠮ᠎ᠠ ᠨᠢ 85% ᠳᠤ ᠬᠦᠷᠴᠦ᠂ ᠬᠥᠳᠡᠯᠮᠦᠷᠢᠯᠡᠭᠴᠢᠳ ᠤᠨ ᠠᠵᠢᠯ ᠣᠯᠬᠤ ᠥᠷᠢᠰᠥᠯᠳᠦᠬᠦ ᠬᠦᠴᠦᠨ ᠨᠢ ᠮᠡᠳᠡᠭᠳᠡᠬᠦ᠋ᠢᠴᠡ ᠨᠡᠮᠡᠭᠳᠡᠪᠡ᠃    ᠭᠤᠷᠪᠠ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 30 ᠲᠠᠯᠠᠪᠤᠷ ᠡᠷᠭᠢᠯᠡᠵᠦ᠂ 800 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 2 ᠲᠦᠮᠡᠨ ᠠᠵᠢᠯ ᠤᠨ ᠪᠠᠶᠢᠷᠢ ᠬᠠᠩᠭᠠᠪᠠ᠃ 3 ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠠᠶᠢᠭᠤᠯᠵᠤ᠂ 5000 ᠭᠠᠷᠤᠶ ᠵᠤᠷᠪᠤᠰ ᠠᠮᠢᠳᠤᠯᠢᠭ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠲᠡᠯᠡᠪᠡ᠃ ᠣᠳᠣᠬᠠᠨ ᠪᠣᠯᠲᠠᠯ᠎ᠠ᠂ ᠬᠤᠲᠠ ᠪᠠᠯᠭᠠᠰᠤᠨ ᠤ 4500 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1200 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠳᠠᠯ ᠢ ᠪᠠᠲᠤᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号