ᠨᠢᠩᠴᠧᠩ ᠰᠢᠶᠠᠨ ᠤ ︽ᠭᠤᠷᠪᠠ ᠶᠢ ᠲᠦᠷᠭᠡᠳᠬᠡᠬᠦ︾ ᠲᠣᠭᠠᠴᠢᠯᠠᠭᠰᠠᠨ ᠵᠠᠰᠠᠭ ᠤᠨ ᠣᠷᠳᠣᠨ ᠤ ᠰᠢᠨ᠎ᠡ ᠪᠠᠶᠢᠷᠢᠰᠢᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2025/5/27
    ᠨᠢᠭᠡ ᠳᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠤᠷᠳᠤᠴᠠ ᠶᠢ ᠲᠦᠷᠭᠡᠳᠬᠡᠵᠦ᠂ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠪᠡ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠲᠠᠪᠴᠠᠩ ᠢ ᠪᠠᠶᠢᠭᠤᠯᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ 30 ᠲᠥᠷᠥᠯ ᠢᠶᠠᠷ ᠡᠮᠬᠢᠯᠡᠨ ᠨᠡᠶᠢᠯᠡᠭᠦᠯᠵᠦ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ ᠵᠡᠷᠭᠡ 12 ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ᠃ ︽ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ︾ ᠴᠢᠳᠠᠮᠵᠢ ᠶᠢ ᠭᠠᠷᠭᠠᠵᠤ᠂ ᠣᠯᠠᠨ ᠲᠦᠮᠡᠨ ᠤ ᠲᠤᠰᠢᠶᠠᠬᠤ ᠮᠠᠲ᠋ᠧᠷᠢᠶᠠᠯ ᠤᠨ 60% ᠶᠢ ᠪᠠᠭᠠᠰᠬᠠᠨ᠎ᠠ ᠃ ᠡᠨᠡ ᠵᠢᠯ ᠠᠴᠠ ᠨᠠᠰᠢ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ 10 ᠲᠦᠮᠡᠨ ᠬᠤᠪᠢ ᠤᠳᠠᠭ᠎ᠠ ᠭᠦᠢᠴᠡᠳᠬᠡᠵᠦ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃    ᠬᠤᠶᠠᠷ ᠲᠤ᠂ ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ ᠣᠶᠢᠯᠠᠭᠠᠯᠲᠠ ᠶᠢ ᠰᠢᠯᠢᠳᠡᠭᠵᠢᠭᠦᠯᠪᠡ᠃ ︽ᠤᠶᠤᠨᠲᠤ ᠨᠢᠩᠴᠧᠩ︾ APP ᠶᠢ ᠲᠠᠰ ᠳᠡᠪᠰᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠪᠠᠶᠢᠴᠠᠭᠠᠨ ᠯᠠᠪᠯᠠᠬᠤ᠂ ᠭᠡᠷᠡᠴᠢ ᠦᠨᠡᠮᠯᠡᠯ ᠢ ᠭᠦᠢᠴᠡᠳᠭᠡᠬᠦ ᠵᠡᠷᠭᠡ 15 ᠴᠢᠳᠠᠮᠵᠢ ᠶᠢ ᠰᠢᠨ᠎ᠡ ᠪᠠᠷ ᠨᠡᠮᠡᠭᠳᠡᠭᠦᠯᠵᠦ᠂ 200 ᠵᠦᠢᠯ ᠤᠨ ︽ᠬᠤᠷᠤᠭᠤᠨ ᠦᠵᠦᠭᠦᠷ ᠢᠶᠠᠷ ᠭᠦᠢᠴᠡᠳᠭᠡᠬᠦ︾ ᠵᠦᠢᠯᠡᠰ ᠢ ᠪᠡᠶᠡᠯᠡᠭᠦᠯᠪᠡ᠃ ︽7 × 24 ᠴᠠᠭ︾ ᠤᠨ ᠣᠶᠤᠨᠴᠢ ᠦᠢᠯᠡᠴᠢᠯᠡᠭᠡ ᠪᠠᠶᠢᠭᠤᠯᠵᠤ᠂ ᠣᠯᠠᠨ ᠲᠦᠮᠡᠨ ᠤ ᠠᠰᠠᠭᠤᠨ ᠯᠠᠪᠯᠠᠭ᠎ᠠ ᠳᠤ ᠡᠳᠦᠷ ᠪᠦᠷᠢ 500 ᠭᠠᠷᠤᠶ ᠤᠳᠠᠭ᠎ᠠ ᠬᠠᠷᠢᠭᠤᠯᠲᠠ ᠥᠭᠪᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠤᠷᠪᠤᠯᠵᠢᠯᠠᠭᠰᠠᠨ ᠬᠡᠮᠵᠢᠶ᠎ᠡ 200 ᠲᠦᠮᠡᠨ ᠬᠥᠮᠦᠨ ᠤᠳᠠᠭ᠎ᠠ ᠶᠢ ᠳᠠᠪᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠳᠥᠭᠦᠮ ᠳᠥᠲᠡ ᠪᠣᠯᠪᠠ᠃    ᠭᠤᠷᠪᠠ ᠳᠤ᠂ ᠰᠢᠢᠳᠪᠦᠷᠢᠲᠦ ᠪᠤᠳᠤᠯᠭ᠎ᠠ ᠶᠢᠨ ᠲᠤᠯᠭᠠᠭᠤᠷᠢᠯᠠᠯ ᠤᠨ ᠬᠤᠷᠳᠤᠴᠠ ᠶᠢ ᠲᠦᠷᠭᠡᠳᠬᠡᠵᠦ᠂ ᠲᠣᠭᠠᠴᠢᠯᠠᠭᠰᠠᠨ ᠡᠨᠧᠷᠭᠢ ᠣᠯᠭᠤᠬᠤ ᠶᠢ ᠴᠢᠩᠭᠠᠳᠬᠠᠪᠠ᠃ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠤᠨ ᠲᠣᠬᠢᠷᠠᠭᠤᠯᠬᠤ ᠵᠡᠷᠭᠡ ᠲᠣᠭᠠᠴᠢᠯᠠᠭᠰᠠᠨ ᠲᠠᠪᠴᠠᠩ ᠢ ᠪᠠᠶᠢᠭᠤᠯᠵᠤ᠂ ᠠᠵᠤ ᠠᠬᠤᠶ᠂ ᠠᠷᠠᠳ ᠤᠨ ᠠᠮᠢᠳᠤᠷᠠᠯ ᠵᠡᠷᠭᠡ ᠳ᠋ᠠᠶᠢᠲ᠋ᠠ ᠶᠢ 1000 ᠲᠦᠮᠡ ᠭᠠᠷᠤᠶ ᠵᠤᠷᠪᠤᠰ ᠴᠤᠭᠯᠠᠭᠤᠯᠤᠨ ᠵᠠᠳᠠᠯᠪᠠ᠃ ᠲᠣᠮᠣ ᠳ᠋ᠠᠶᠢᠲ᠋ᠠ ᠶᠢᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠯᠡᠨ ᠠᠵᠤ ᠦᠢᠯᠡᠰ ᠤᠨ ᠲᠥᠯᠥᠪᠵᠢᠭᠦᠯᠭᠡ᠂ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠰᠢᠢᠳᠪᠦᠷᠢᠲᠦ ᠪᠣᠳᠣᠯᠭ᠎ᠠ ᠶᠢ ᠨᠠᠩ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ ᠪᠣᠯᠭᠠᠬᠤ ᠶᠢ ᠲᠦᠯᠬᠢᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠦᠷ᠎ᠡ ᠪᠦᠲᠦᠮᠵᠢ ᠶᠢ 40% ᠳᠡᠭᠡᠭᠰᠢᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号