| ᠨᠢᠭᠡ ᠳᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠬᠤᠲᠠ ᠬᠥᠳᠡᠭᠡ ᠶᠢᠨ | ᠵᠥᠷᠢᠶ᠎ᠡ ᠶᠢ ᠪᠠᠭᠠᠰᠬᠠᠨ᠎ᠠ᠃ 8000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ | ᠲᠣᠰᠬᠤᠨ ᠤ ᠰᠤᠷᠭᠠᠭᠤᠯᠢ ᠳᠤ 1.2 ᠲᠦᠮᠡᠨ ᠢᠵᠢ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠰᠢᠨᠡᠳᠬᠡᠵᠦ᠂ | ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠲᠠᠰᠤᠭ᠂ ᠨᠣᠮ ᠪᠢᠴᠢᠭ ᠤᠨ ᠲᠠᠰᠤᠭ ᠢ ᠲᠣᠰ ᠲᠣᠰ 50 ᠪᠠᠶᠢᠭᠤᠯᠪᠠ᠃ | ︽ᠬᠤᠲᠠ ᠲᠣᠭᠤᠷᠢᠭ ᠤᠨ ᠰᠤᠷᠭᠠᠭᠤᠯᠢ ᠬᠥᠳᠡᠭᠡ ᠲᠣᠰᠬᠤᠨ ᠤ ᠰᠤᠷᠭᠠᠭᠤᠯᠢ ᠶᠢ ᠠᠵᠢᠯ ᠲᠥᠷᠥᠯ ᠢᠶᠠᠷ ᠢᠶᠠᠨ | ᠬᠠᠪᠰᠤᠷᠤᠨ ᠲᠡᠳᠬᠦᠬᠦ︾ ᠢᠨᠵᠧᠨᠧᠷᠢᠩ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠪᠠᠭᠰᠢ ᠶᠢᠨ ᠠᠵᠢᠯ ᠤᠨ | ᠪᠠᠶᠢᠷᠢ ᠶᠢ 200 ᠬᠥᠮᠦᠨ ᠤᠳᠠᠭ᠎ᠠ ᠰᠣᠯᠢᠯᠴᠠᠬᠤ ᠶᠢ ᠵᠣᠬᠢᠶᠠᠨ ᠪᠠᠶᠢᠭᠤᠯᠪᠠ᠃ ᠣᠳᠣᠬᠠᠨ ᠳᠤ᠂ ᠬᠥᠳᠡᠭᠡ | ᠲᠣᠰᠬᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ | 75% ᠠᠴᠠ ᠳᠡᠭᠡᠭᠰᠢᠯᠡᠭᠡᠳ 98% ᠳᠤ ᠬᠦᠷᠴᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠵᠥᠷᠢᠶ᠎ᠡ ᠠᠯᠬᠤᠮ ᠠᠯᠬᠤᠮ ᠢᠶᠠᠷ ᠪᠠᠭᠠᠰᠪᠠ᠃ | ᠬᠤᠶᠠᠷ ᠲᠤ᠂ ᠬᠢᠴᠢᠶᠡᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠨ᠎ᠠ᠃ ᠨᠤᠲᠤᠭ ᠤᠨ ᠰᠣᠶᠣᠯ᠂ ᠬᠥᠳᠡᠯᠮᠦᠷᠢ ᠶᠢᠨ ᠦᠢᠯᠡᠳᠦᠯᠭᠡ ᠵᠡᠷᠭᠡ ᠣᠨᠴᠠᠯᠢᠭᠲᠤ | ᠬᠢᠴᠢᠶᠡᠯ ᠢ 30 ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠢ 15 ᠪᠠᠶᠢᠭᠤᠯᠪᠠ᠃ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ | ᠠᠭᠤᠰᠤᠯᠴᠠᠯ︾ ᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠵᠡᠪᠰᠡᠭ ᠤᠨ ᠡᠷᠳᠡᠮ ᠵᠡᠷᠭᠡ | ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠥᠷᠨᠢᠭᠦᠯᠵᠦ᠂ 3 ᠲᠦᠮᠡᠨ ᠬᠥᠮᠦᠨ ᠤᠳᠠᠭ᠎ᠠ ᠳᠤ ᠠᠰᠢᠭ | ᠬᠦᠷᠲᠡᠭᠡᠪᠡ᠃ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠯᠢᠳᠡᠭ ᠨᠤᠷᠮ᠎ᠠ ᠠᠳᠠᠯᠢ | ᠬᠤᠭᠤᠴᠠᠭᠠᠨ ᠤ ᠬᠢ ᠠᠴᠠ 20% ᠪᠠᠷ ᠳᠡᠭᠡᠭᠰᠢᠯᠡᠵᠦ᠂ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ | ᠪᠦᠲᠦᠭᠡᠯ ᠢᠯᠡᠳᠲᠡ ᠪᠣᠯᠪᠠ᠃ | ᠭᠤᠷᠪᠠ ᠳᠤ᠂ ᠪᠠᠭᠰᠢ ᠶᠢ ᠬᠥᠮᠦᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠡᠩᠨᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠢ ᠪᠤᠶᠢᠵᠢᠭᠤᠯᠬᠤ ᠲᠥᠯᠥᠪᠯᠡᠭᠡ ᠶᠢ | ᠬᠡᠷᠡᠭᠵᠢᠭᠦᠯᠵᠦ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ 10 ᠵᠣᠬᠢᠶᠠᠨ ᠪᠠᠶᠢᠭᠤᠯᠵᠤ᠂ ᠭᠤᠤᠯᠯᠠᠭᠴᠢ | ᠪᠠᠭᠰᠢ ᠶᠢ 300 ᠬᠥᠮᠦᠵᠢᠭᠦᠯᠦᠨ᠎ᠡ᠃ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ | ᠴᠢᠳᠠᠪᠤᠷᠢ ᠶᠢᠨ ᠪᠤᠯᠪᠠᠰᠤᠷᠠᠯ ᠢ 100 ᠲᠠᠯᠠᠪᠤᠷ ᠤᠳᠠᠭ᠎ᠠ ᠥᠷᠨᠢᠭᠦᠯᠵᠦ᠂ 5000 ᠬᠥᠮᠦᠨ ᠤᠳᠠᠭ᠎ᠠ ᠶᠢᠨ | ᠪᠤᠯᠪᠠᠰᠤᠷᠠᠯ ᠳᠤ ᠤᠷᠤᠯᠴᠠᠪᠠ᠃ ᠪᠦᠬᠦ ᠰᠢᠶᠠᠨ ᠤ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ | ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠴᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ | |